2018 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠥᠵᠢᠯ ᠤᠨ ᠠᠵᠢᠯ ᠢ ᠬᠢᠨᠠᠨ | ᠵᠢᠯᠣᠭᠤᠳᠬᠤ ᠺᠣᠮᠢᠰ ᠤᠨ ᠠᠯᠪᠠᠨ ᠭᠡᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ | ᠬᠥᠭᠵᠢᠯᠲᠡ ᠪᠠ ᠲᠥᠪ ᠭᠤᠣᠯᠴᠢ ᠰᠤᠷᠭᠠᠨ ᠬᠥᠮᠥᠵᠢᠯ ᠢ ᠠᠬᠢᠭᠤᠯᠬᠤ ᠶᠢᠨ ᠲᠥᠯᠥᠭᠡ᠂ ︽ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠪᠠ ᠰᠤᠷᠭᠠᠨ ᠬᠥᠮᠥᠵᠢᠯ ᠤᠨ ᠶᠠᠮᠤᠨ ᠤ ︽ᠬᠤᠰᠢᠭᠤ ᠰᠢᠶᠠᠨ ᠤ ᠳᠡᠰ ᠤᠨ ᠭᠠᠵᠠᠷ ᠣᠷᠣᠨ | ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ | ᠵᠢᠱᠢᠬᠦ ᠳᠤ ᠲᠦᠷ ᠬᠡᠷᠡᠭᠵᠢᠭᠦᠯᠬᠦ ᠠᠷᠭ᠎ᠠ︾ ᠶᠢᠨ ᠬᠠᠮᠢᠶᠠᠲᠠᠢ ᠲᠣᠭᠲᠠᠭᠠᠯ ᠲᠡᠷᠡᠴᠢᠯᠡᠨ ᠠᠯᠪᠠᠨ ᠵᠢᠷᠤᠮ ᠤᠨ ᠰᠤᠷᠭᠠᠨ | ᠬᠥᠮᠥᠵᠢᠯ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠵᠦ ᠪᠠᠶᠢᠬᠤ ᠣᠷᠣᠨ ᠢᠶᠠᠷ ᠦᠨᠡᠯᠡᠨ ᠲᠣᠭᠲᠠᠭᠠᠬᠤ ᠶᠢ | ᠡᠷᠡᠮᠡᠯᠵᠡᠯᠡᠵᠦ ᠪᠠᠶᠢᠭ᠎ᠠ ᠡᠯ᠎ᠡ ᠭᠠᠵᠠᠷ ᠤᠨ ᠳᠡᠪᠰᠢᠭᠦᠯᠦᠭᠰᠡᠨ ᠬᠠᠮᠢᠶᠠᠲᠠᠢ ᠰᠢᠶᠠᠨ ︵ᠬᠤᠲᠠ᠂ ᠲᠤᠰᠬᠠᠢ ᠣᠷᠣᠨ︶ ᠤ | ᠪᠠᠶᠢᠳᠠᠯ ᠢ ᠦᠨᠳᠦᠰᠦᠯᠡᠵᠦ᠂ ᠤᠯᠤᠰ ᠤᠨ ᠰᠤᠷᠭᠠᠨ ᠬᠥᠮᠥᠵᠢᠯ ᠤᠨ ᠠᠵᠢᠯ ᠢ ᠬᠢᠨᠠᠨ ᠵᠢᠯᠣᠭᠤᠳᠬᠤ ᠠᠯᠪᠠᠨ | ᠠᠵᠢᠯᠲᠠᠨ ᠪᠠ ᠲᠤᠰᠬᠠᠢ ᠮᠡᠷᠭᠡᠵᠢᠯᠲᠡᠨ ᠢ ᠲᠣᠮᠢᠯᠠᠵᠤ᠂ ᠪᠦᠬᠦ ᠤᠯᠤᠰ ᠤᠨ 338 ᠰᠢᠶᠠᠨ ︵ᠬᠤᠲᠠ᠂ ᠲᠤᠰᠬᠠᠢ | ᠣᠷᠣᠨ︶ ᠤ ᠬᠠᠮᠢᠶᠠᠲᠠᠢ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ ᠪᠣᠳᠠᠲᠠᠢ ᠬᠢᠨᠠᠨ ᠵᠢᠯᠣᠭᠤᠳᠴᠤ | ᠰᠢᠯᠭᠠᠨ ᠪᠠᠶᠢᠴᠠᠭᠠᠬᠤ ᠠᠵᠢᠯ ᠥᠷᠨᠢᠭᠦᠯᠦᠭᠰᠡᠨ ᠪᠠᠶᠢᠨ᠎ᠠ᠃ | ᠰᠢᠯᠭᠠᠨ ᠪᠠᠶᠢᠴᠠᠭᠠᠬᠤ ᠠᠵᠢᠯ ᠤᠨ ᠳ᠋ᠦᠩ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 8 ᠭᠠᠵᠠᠷ ᠣᠷᠣᠨ ᠠᠯᠪᠠᠨ ᠵᠢᠷᠤᠮ ᠤᠨ ᠰᠤᠷᠭᠠᠨ ᠬᠥᠮᠥᠵᠢᠯ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠵᠦ | ᠪᠠᠶᠢᠬᠤ ᠣᠷᠣᠨ ᠢᠶᠠᠷ ᠦᠨᠡᠯᠡᠭᠳᠡᠭᠰᠡᠨ ᠪᠠᠶᠢᠨ᠎ᠠ᠃ ᠲᠤᠬᠠᠶᠢᠯᠠᠪᠠᠯ᠂ ᠬᠥᠬᠡᠬᠤᠲᠠ ᠶᠢᠨ ᠴᠢᠩ ᠱᠦᠢ ᠡᠾᠧ ᠰᠢᠶᠠᠨ︔ | ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ ︔ | ᠲᠦᠩᠯᠢᠶᠣᠣ ᠬᠤᠲᠠ ᠶᠢᠨ ᠺᠠᠶᠢᠯᠦ ᠰᠢᠶᠠᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ︔ ᠣᠷᠳᠣᠰ ᠬᠤᠲᠠ | ᠶᠢᠨ ᠬᠠᠩᠭᠢᠨ ᠬᠤᠰᠢᠭᠤ᠂ ᠬᠥᠯᠥᠨ ᠪᠣᠶᠢᠷ ᠬᠤᠲᠠ ᠶᠢᠨ ᠵᠠᠯᠠᠨ ᠠᠶᠢᠯ ᠬᠤᠲᠠ ᠵᠡᠷᠭᠡ ᠪᠣᠯᠣᠨ᠎ᠠ᠃ |