ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠰᠤᠳᠤᠯᠤᠨ ᠪᠠᠶᠢᠴᠠᠭᠠᠭᠴᠢ ᠯᠢ ᠯᠦᠩ ᠯᠦᠩ᠂ ᠡᠳ᠋ ᠤᠨ ᠵᠠᠰᠠᠭ ᠤᠨ | ᠺᠠᠲᠠᠷᠴᠤᠳ ᠤᠨ ᠪᠣᠯᠪᠠᠰᠤᠷᠠᠭᠤᠯᠤᠯ ᠤᠨ ᠲᠥᠪ ᠤᠨ ᠡᠷᠬᠢᠯᠡᠭᠴᠢ ᠯᠢ ᠭᠠᠩ ᠵᠣ᠋᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ | ᠮᠡᠷᠭᠡᠵᠢᠯ ᠤᠨ ᠰᠤᠳᠤᠯᠭᠠᠨ ᠢ ᠦᠨᠡᠯᠡᠨ ᠰᠢᠯᠭᠠᠬᠤ ᠲᠥᠪ ᠤᠨ ᠳᠡᠳ᠋ ᠡᠷᠬᠢᠯᠡᠭᠴᠢ ᠮᠢ ᠴᠤᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ | ᠠᠯᠪᠠᠨ ᠭᠡᠷ ᠤᠨ ᠶᠠᠩ ᠶᠠᠨ᠂ ᠬᠥᠳᠡᠭᠡ ᠠᠵᠤ ᠠᠬᠤᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠪ ᠤᠨ ᠡᠷᠬᠢᠯᠡᠭᠴᠢ ᠿᠧᠨ ᠷᠦᠢ | | | | | | | | ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠥᠯᠵᠢᠶ᠎ᠡ ᠪᠠ ᠬᠥᠬᠡᠬᠤᠲᠠ ᠶᠢᠨ ᠷᠠᠳᠢᠣ᠋ | ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠠᠴᠠ ᠬᠠᠮᠲᠤᠷᠠᠭᠰᠠᠨ ᠡᠷᠬᠢᠯᠡᠪᠡ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠃ | ﹇ᠬᠥᠲᠥᠯᠥᠭᠴᠢ﹈ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠡᠭᠡᠨ ᠪᠦᠬᠦ ᠤᠯᠤᠰ ᠤᠨ ᠠᠷᠠᠳ | ᠲᠦᠮᠡᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠤᠷᠢᠶ᠎ᠠ ᠲᠠᠯᠪᠢᠭᠰᠠᠨ ᠪᠢᠯᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠤᠭ ᠰᠡᠭᠦᠯ ᠤᠨ ᠬᠠᠷᠠᠯᠲᠠ ᠨᠢ ᠮᠠᠯᠴᠢᠨ ᠲᠠᠷᠢᠶᠠᠴᠢᠳ ᠤᠨ ᠠᠮᠢᠳᠤᠷᠠᠯ ᠢ ᠴᠢᠨᠡᠭᠡᠯᠢᠭᠵᠢᠭᠦᠯᠵᠦ᠂ | ᠦᠢ ᠲᠦᠮᠡᠨ ᠮᠠᠯᠴᠢᠨ ᠲᠠᠷᠢᠶᠠᠴᠢᠳ ᠲᠤ ᠨᠡᠩ ᠣᠯᠠᠨ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ | ᠣᠯᠭᠤᠬᠤ ᠳᠤ ᠪᠤᠢ᠃ ᠲᠡᠭᠡᠪᠡᠯ᠂ ᠥᠩᠭᠡᠷᠡᠭᠰᠡᠨ ᠨᠢᠭᠡ ᠵᠢᠯ ᠳᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷ ᠤᠨ ᠡᠭᠦᠷᠭᠡ ᠬᠠᠷᠢᠭᠤᠴᠠᠯᠭ᠎ᠠ ᠪᠠᠨ | ᠪᠠᠳᠠᠷᠠᠭᠤᠯᠵᠤ᠂ ᠡᠳ᠋ ᠤᠨ ᠵᠠᠰᠠᠭ ᠢᠶᠠᠷ ᠬᠥᠳᠡᠭᠡ ᠠᠵᠤ ᠠᠬᠤᠢ ᠶᠢ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠴᠢᠨ | ᠲᠠᠷᠢᠶᠠᠴᠢᠳ ᠲᠤ ᠨᠡᠩ ᠣᠯᠠᠨ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠣᠯᠭᠤᠭᠰᠠᠨ ᠲᠠᠯ᠎ᠠ ᠪᠠᠷ | ᠲᠠᠨᠢᠯᠴᠠᠭᠤᠯᠵᠤ ᠥᠭᠭᠦᠨ᠎ᠡ ᠦᠦ︖ | ﹇ᠯᠢ ᠯᠦᠩ ᠯᠦᠩ﹈ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠡᠷᠡᠰ ᠰᠢᠭᠤᠷᠬᠠᠢ ᠬᠡᠷᠡᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ | ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠬᠥᠳᠡᠭᠡ ᠠᠵᠤ ᠠᠬᠤᠢ ᠶᠢ ᠳᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠣᠯᠠᠨ ᠬᠡᠯᠪᠡᠷᠢ ᠮᠠᠶ᠋ᠢᠭ ᠢᠶᠠᠷ | ᠲᠣᠬᠢᠷᠠᠭᠰᠠᠨ ᠬᠡᠮᠵᠢᠶ᠎ᠡ ᠪᠠᠷ ᠡᠵᠡᠩᠨᠡᠬᠦ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ | ᠬᠥᠮᠥᠵᠢᠭᠦᠯᠦᠨ᠂ ᠬᠥᠳᠡᠭᠡ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠢᠵᠢᠭ ᠲᠠᠷᠢᠶᠠᠴᠢᠨ ᠡᠷᠦᠬᠡ ᠪᠣᠯᠣᠨ | ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠤᠷᠭᠠᠨᠢᠭ ᠢᠶᠠᠷ ᠵᠣᠯᠭᠠᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠭᠰᠠᠨ ᠪᠢᠯᠡ᠃ | 2018 ᠣᠨ ᠠᠴᠠ ᠨᠠᠰᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶᠢᠷᠡᠭᠦᠯᠦᠨ ᠲᠤᠭᠤᠰᠢᠯᠠᠭᠤᠯᠤᠨ ᠨᠠᠶᠢᠳᠠᠪᠤᠷᠵᠢᠭᠤᠯᠵᠦ᠂ ᠡᠳ᠋ ᠤᠨ ᠵᠠᠰᠠᠭ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠨ ᠮᠠᠨᠳᠤᠬᠤ ᠶᠢ ᠬᠦᠴᠦᠲᠡᠶᠢᠬᠡᠨ ᠲᠦᠯᠬᠢᠨ ᠠᠬᠢᠭᠤᠯᠪᠠ᠃ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ﹇ | ᠲᠠᠷᠢᠶᠠᠯᠠᠩ ᠲᠠᠷᠢᠶᠠᠴᠢᠨ ᠬᠥᠳᠡᠭᠡ ᠲᠣᠰᠬᠤᠨ﹈ ᠳᠠᠬᠢ ᠣᠷᠣᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ | ᠴᠢᠨᠡᠭᠡᠯᠢᠭᠵᠢᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠢ ᠶᠡᠬᠡᠪᠡᠷ ᠥᠷᠨᠢᠭᠦᠯᠵᠦ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠤᠷᠢᠳᠠᠪᠠᠷ ᠬᠥᠭᠵᠢᠬᠦ ᠶᠢ ᠳᠡᠮᠵᠢᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠠᠬᠢᠭᠤᠯᠪᠠ᠃ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠵᠢᠴᠢ ᠦᠨᠡᠯᠡᠨ ᠰᠢᠯᠭᠠᠬᠤ ᠠᠵᠢᠯ ᠢ ᠭᠦᠨᠵᠡᠭᠡᠢ ᠥᠷᠨᠢᠭᠦᠯᠵᠦ᠂ ᠣᠷᠣᠨ | ᠪᠦᠰᠡ ᠶᠢᠨ ᠳᠠᠪᠠᠭᠤᠯᠢᠭ ᠣᠨᠴᠠᠯᠢᠭ ᠲᠠᠢ ᠬᠥᠳᠡᠭᠡ ᠠᠵᠤ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠨ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠪᠴᠢᠶᠡᠵᠢᠯ ᠤᠨ ᠳᠠᠪᠠᠭᠤᠯᠢᠭ ᠢ | ᠬᠦᠴᠦᠷᠬᠡᠭᠵᠢᠭᠦᠯᠵᠦ᠂ ᠮᠠᠯᠴᠢᠨ ᠲᠠᠷᠢᠶᠠᠴᠢᠳ ᠤᠨ ᠠᠵᠢᠯ ᠠᠮᠢᠳᠤᠷᠠᠯ ᠤᠨ ᠲᠣᠭᠲᠠᠭᠤᠨ ᠪᠠ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠷᠭ᠎ᠠ ᠵᠠᠮ ᠢ | ᠥᠷᠭᠡᠳᠬᠡᠨ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠲᠠᠷᠢᠶᠠᠴᠢᠨ ᠢ ᠬᠥᠮᠥᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠦᠢᠯᠡᠰ ᠪᠣᠰᠬᠠᠵᠤ ᠰᠢᠨ᠎ᠡ ᠶᠢ ᠡᠭᠦᠳᠬᠦ ᠮᠠᠶ᠋ᠢᠭ ᠤᠨ ᠠᠵᠢᠯ | ᠮᠡᠷᠭᠡᠵᠢᠯ ᠤᠨ ᠲᠠᠷᠢᠶᠠᠴᠢᠨ ᠢ ᠬᠥᠮᠥᠵᠢᠭᠦᠯᠦᠨ᠂ ᠲᠠᠷᠢᠶᠠᠴᠢᠳ ᠤᠨ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ | ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠵᠢᠵᠤ ᠲᠠᠷᠢᠶᠠᠯᠠᠬᠤ ᠶᠢ ᠬᠥᠭᠵᠢᠯ ᠤᠨ ᠢᠷᠡᠭᠡᠳᠦᠢ ᠲᠠᠢ ᠠᠵᠤ ᠦᠢᠯᠡᠰ ᠪᠣᠯᠭᠠᠵᠤ᠂ ᠮᠠᠯᠴᠢᠨ | ᠲᠠᠷᠢᠶᠠᠴᠢᠨ ᠢ ᠲᠠᠲᠠᠬᠤ ᠬᠦᠴᠦᠨ ᠲᠠᠢ ᠲᠤᠰᠬᠠᠢ ᠠᠵᠢᠯ ᠪᠣᠯᠭᠠᠪᠠ᠃ ᠲᠣᠰᠬᠤᠨ ᠤ ᠲᠡᠰ ᠤᠨ ᠡᠳ᠋ ᠤᠨ ᠶᠠᠪᠤᠳᠠᠯ ᠤᠨ ᠠᠵᠢᠯᠲᠠᠨ ᠪᠣᠯᠣᠨ ᠡᠳ᠋ ᠤᠨ ᠵᠠᠰᠠᠭ ᠤᠨ | ᠺᠠᠲᠠᠷ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠪᠣᠯᠪᠠᠰᠤᠷᠠᠯ ᠪᠠ ᠦᠢᠯᠡᠴᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠬᠥᠳᠡᠭᠡ ᠠᠵᠤ ᠠᠬᠤᠢ ᠶᠢᠨ ᠣᠳᠣᠬᠢᠴᠢᠯᠠᠭᠰᠠᠨ ᠬᠥᠭᠵᠢᠯᠲᠡ ᠳᠤ ᠴᠢᠳᠠᠪᠤᠷᠢᠲᠠᠨ ᠤ ᠰᠠᠭᠤᠷᠢ ᠶᠢ ᠲᠠᠯᠪᠢᠵᠤ᠂ ᠬᠥᠳᠡᠭᠡ ᠲᠣᠰᠬᠤᠨ ᠢ | ᠠᠮᠤᠷ ᠲᠠᠶᠢᠪᠤᠩ ᠣᠷᠣᠰᠢᠨ ᠰᠠᠭᠤᠬᠤ ᠵᠣᠯ ᠵᠢᠷᠭᠠᠯᠲᠤ ᠭᠡᠷ ᠣᠷᠣᠨ ᠪᠣᠯᠭᠠᠪᠠ᠃ | ﹇ᠬᠥᠲᠥᠯᠥᠭᠴᠢ﹈ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ ᠠᠯᠪᠠᠨ ᠭᠡᠷ ᠤᠨ ᠶᠠᠩ ᠶᠠᠨ ᠠᠴᠠ ᠬᠥᠳᠡᠭᠡ ᠠᠵᠤ ᠠᠬᠤᠢ ᠶᠢᠨ | ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠤᠨ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖ | ﹇ᠶᠠᠩ ᠶᠠᠨ﹈ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠣᠯ ᠲᠥᠪ ᠤᠨ ᠵᠠᠰᠠᠭ ᠤᠨ ᠣᠷᠳᠣᠨ ᠠᠴᠠ ᠬᠥᠳᠡᠭᠡ ᠠᠵᠤ | ᠠᠬᠤᠢ ᠶᠢᠨ ᠬᠥᠭᠵᠢᠯᠲᠡ ᠶᠢ ᠳᠡᠮᠵᠢᠵᠦ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠦᠨᠳᠦᠰᠦᠨ ᠣᠷᠴᠢᠨ ᠨᠥᠬᠦᠴᠡᠯ ᠢ ᠰᠠᠶᠢᠵᠢᠷᠠᠭᠤᠯᠵᠤ᠂ | ᠬᠥᠳᠡᠭᠡ ᠠᠵᠤ ᠠᠬᠤᠢ ᠪᠠ ᠬᠥᠳᠡᠭᠡ ᠲᠣᠰᠬᠤᠨ ᠤ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ | ᠶᠡᠷᠦᠩᠬᠡᠢ ᠴᠢᠳᠠᠪᠤᠷᠢ ᠪᠠ ᠠᠰᠢᠭ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠠᠵᠤ ᠠᠬᠤᠢ ᠶᠢᠨ ᠡᠬᠢ ᠪᠠᠶᠠᠯᠢᠭ ᠳᠤ ᠲᠤᠰᠬᠠᠢ ᠪᠡᠯᠡ ᠮᠥᠩᠭᠦ ᠭᠠᠷᠭᠠᠨ | ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯᠯᠠᠭ᠎ᠠ ᠪᠣᠯᠣᠨ᠎ᠠ᠃ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠨᠢ ᠬᠥᠳᠡᠭᠡ ᠠᠵᠤ | ᠠᠬᠤᠢ ᠶᠢᠨ ᠬᠥᠭᠵᠢᠯᠲᠡ ᠶᠢ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠪᠣᠬᠢᠷᠳᠤᠯ ᠦᠭᠡᠢ ᠲᠡᠶᠢᠰᠢ ᠬᠥᠲᠥᠯᠥᠨ ᠵᠢᠯᠣᠭᠤᠳᠴᠤ᠂ ᠬᠥᠳᠡᠭᠡ ᠠᠵᠤ ᠠᠬᠤᠢ ᠶᠢᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠶᠡᠭᠡ ᠲᠦᠯᠬᠢᠬᠦ ᠦᠢᠯᠡᠳᠦᠯ ᠦᠵᠡᠭᠦᠯᠵᠦ ᠪᠤᠢ᠃ | ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠳᠤ ᠭᠠᠵᠠᠷ ᠰᠢᠷᠣᠢ ᠶᠢ ᠵᠠᠰᠠᠨ ᠰᠠᠶᠢᠵᠢᠷᠠᠭᠤᠯᠬᠤ ᠲᠥᠷᠥᠯ ᠵᠦᠢᠯ ᠪᠠ | ᠠᠵᠤ ᠦᠢᠯᠡᠰᠵᠢᠭᠦᠯᠦᠨ ᠬᠥᠭᠵᠢᠭᠦᠯᠬᠦ ᠲᠥᠷᠥᠯ ᠵᠦᠢᠯ ᠪᠠᠭᠲᠠᠨ᠎ᠠ᠃ | ﹇ᠬᠥᠲᠥᠯᠥᠭᠴᠢ﹈ ᠲᠡᠭᠡᠪᠡᠯ᠂ 2018 ᠣᠨ ᠳᠤ ᠬᠥᠳᠡᠭᠡ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠠᠯ᠎ᠠ ᠪᠠᠷ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ ᠪᠤᠢ︖ | ﹇ᠶᠠᠩ ᠶᠠᠨ﹈ 2018 ᠣᠨ ᠳᠤ ᠭᠤᠣᠯᠳᠠᠭᠤ ᠭᠤᠷᠪᠠᠨ ᠲᠠᠯ᠎ᠠ ᠶᠢᠨ ᠠᠵᠢᠯ ᠬᠢᠪᠡ᠃ | ᠨᠢᠭᠡ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠠᠵᠤ ᠠᠬᠤᠢ ᠶᠢᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠤᠨ ᠥᠭᠡᠷᠡᠴᠢᠯᠡᠯᠲᠡ ᠶᠢᠨ ᠰᠠᠭᠤᠷᠢ ᠶᠢ ᠪᠠᠲᠤᠵᠢᠭᠤᠯᠪᠠ᠃ 2018 ᠣᠨ ᠳᠤ᠂ ᠮᠠᠨ ᠤ ᠬᠤᠲᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠨᠡᠶᠢᠲᠡ 6.14 ᠮᠦ ᠪᠠᠶᠢᠭᠤᠯᠵᠤ᠂ ᠬᠤᠷᠢᠨᠭᠡᠷ ᠰᠢᠶᠠᠨ᠂ ᠲᠦᠮᠡᠳ | ᠵᠡᠭᠦᠨ ᠬᠤᠰᠢᠭᠤ᠂ ᠦᠴᠦᠸᠠᠨ ᠰᠢᠶᠠᠨ᠂ ᠰᠠᠶᠢᠬᠠᠨ ᠲᠣᠭᠤᠷᠢᠭ ᠵᠡᠷᠭᠡ ᠲᠠᠪᠤᠨ ᠬᠤᠰᠢᠭᠤ ᠰᠢᠶᠠᠨ ᠲᠣᠭᠤᠷᠢᠭ ᠲᠤ ᠬᠤᠯᠪᠣᠭᠳᠠᠪᠠ᠃ | ᠬᠤᠶᠠᠷ᠂ ᠠᠵᠤ ᠦᠢᠯᠡᠰᠵᠢᠭᠰᠡᠨ ᠲᠥᠷᠥᠯ ᠵᠦᠢᠯ ᠢ ᠣᠨᠣᠪᠴᠢᠲᠠᠢ ᠳᠡᠮᠵᠢᠨ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷ ᠤᠨ ᠥᠭᠡᠷᠡᠴᠢᠯᠡᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ᠭᠤᠷᠪᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠶᠢᠨ ᠬᠠᠮᠤᠭ ᠤᠨ ᠴᠢᠩᠭ᠎ᠠ ᠲᠠᠷᠢᠶᠠᠨ ᠭᠠᠵᠠᠷ ᠤᠨ | ᠤᠰᠤ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠲᠤ ᠭᠠᠵᠠᠷ ᠤᠨ ᠭᠠᠳᠠᠷᠭᠤ ᠳᠡᠭᠡᠷ᠎ᠡ ᠤᠰᠤ ᠲᠤᠰᠤᠯᠭᠠᠵᠤ ᠤᠰᠤᠯᠠᠬᠤ | ᠠᠷᠭ᠎ᠠ ᠶᠢ ᠬᠡᠷᠡᠭᠵᠢᠭᠦᠯᠪᠡ᠃ | ﹇ᠬᠥᠲᠥᠯᠥᠭᠴᠢ﹈ 2019 ᠣᠨ ᠳᠤ ᠶᠠᠮᠠᠷ ᠪᠣᠳᠠᠲᠤ ᠪᠠᠶᠢᠷᠢᠯᠠᠭᠤᠯᠤᠯᠲᠠ ᠪᠠᠶᠢᠨ᠎ᠠ︖ | ﹇ᠶᠠᠩ ᠶᠠᠨ﹈ ᠬᠥᠳᠡᠭᠡ ᠲᠣᠰᠬᠤ ᠶᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠬᠥᠳᠡᠭᠡ ᠠᠬᠤ ᠠᠬᠤᠢ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠰᠠᠨᠠᠭᠠᠴᠢᠯᠠᠵᠤ᠂ ᠤᠰᠤ ᠠᠷᠪᠢᠯᠠᠬᠤ ᠠᠰᠢᠭᠯᠠᠮᠵᠢ ᠪᠠᠷ ᠥᠨᠳᠥᠷ ᠤᠰᠤᠯᠠᠯᠲᠠ ᠪᠠᠷ ᠭᠤᠣᠯ ᠠᠭᠤᠯᠭ᠎ᠠ | ᠪᠣᠯᠭᠠᠭᠰᠠᠨ ᠭᠠᠵᠠᠷ ᠰᠢᠷᠣᠢ ᠶᠢ ᠰᠠᠶᠢᠵᠢᠷᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠤ᠂ 3 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠤᠯᠤᠰ ᠠᠴᠠ ᠪᠠᠶᠢᠷᠢᠯᠠᠭᠤᠯᠤᠭᠰᠠᠨ ᠪᠠᠶᠢᠭᠤᠯᠤᠮᠵᠢ᠂ ᠡᠭᠦᠷᠭᠡ ᠬᠠᠷᠢᠭᠤᠴᠠᠯᠭ᠎ᠠ᠂ ᠪᠡᠯᠡ ᠮᠥᠩᠭᠦ | ᠭᠤᠷᠪᠠᠨ ᠨᠡᠶᠢᠳᠬᠡᠯ ᠢ ᠪᠡᠶᠡᠯᠡᠭᠦᠯᠦᠨ᠂ 2019 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ ᠶᠢᠨ ᠲᠠᠯᠠᠪᠠᠢ ᠶᠢ | ᠶᠡᠭᠡ ᠬᠡᠮᠵᠢᠶ᠎ᠡ ᠪᠠᠷ ᠨᠡᠮᠡᠭᠳᠡᠭᠦᠯᠬᠦ ᠪᠠᠷ ᠵᠢᠱᠢᠵᠦ᠂ ᠲᠣᠬᠢᠶᠠᠯ ᠢ ᠠᠳᠬᠤᠨ ᠰᠣᠷᠢᠯᠲᠠ ᠶᠢ ᠬᠦᠯᠢᠶᠡᠨ᠂ 2020 ᠣᠨ ᠪᠣᠯᠭᠠᠬᠤ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠠᠯᠠᠪᠠᠢ ᠶᠢ 100 ᠲᠦᠮᠡᠨ ᠮᠦ ᠳᠤ ᠬᠦᠷᠭᠡᠬᠦ ᠪᠠᠷ ᠴᠢᠷᠮᠠᠶᠢᠵᠤ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠥᠨᠳᠥᠷ | ᠨᠢᠭᠡ ᠱᠠᠲᠤᠨ ᠳᠤ ᠬᠦᠷᠭᠡᠨ᠎ᠡ᠃ | ﹇ᠬᠥᠲᠥᠯᠥᠭᠴᠢ﹈ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠢ ᠦᠨᠡᠯᠡᠨ ᠰᠢᠯᠭᠠᠬᠤ ᠲᠥᠪ ᠨᠢ | ᠭᠤᠣᠯᠳᠠᠭᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠬᠥᠳᠡᠭᠡ ᠠᠵᠤ ᠠᠬᠤᠢ ᠶᠢ ᠳᠡᠮᠵᠢᠬᠦ ᠳᠤ ᠬᠤᠯᠪᠣᠭᠳᠠᠬᠤ ᠲᠥᠷᠥᠯ ᠵᠦᠢᠯ ᠢ ᠦᠨᠡᠯᠡᠨ ᠰᠢᠯᠭᠠᠬᠤ | ᠪᠠ ᠦᠨᠡᠯᠡᠨ ᠲᠣᠭᠲᠠᠭᠠᠬᠤ ᠠᠵᠢᠯ ᠢ ᠬᠠᠷᠢᠭᠤᠴᠠᠵᠤ᠂ ᠠᠷᠭ᠎ᠠ ᠪᠠᠷᠢᠯ ᠳᠡᠭᠡᠷ᠎ᠡ ᠭᠤᠷᠪᠠᠳᠡᠬᠢ ᠡᠲᠡᠭᠡᠳ ᠢ ᠤᠷᠢᠨ ᠲᠥᠷᠥᠯ ᠵᠦᠢᠯ ᠢ ᠮᠡᠳᠡᠭᠦᠯᠬᠦ ᠪᠠᠶᠢᠭᠤᠯᠭ᠎ᠠ | ᠨᠢᠭᠡᠴᠡ ᠶᠢᠨ ᠶᠡᠷᠦᠩᠬᠡᠢ ᠪᠠᠶᠢᠳᠠᠯ ᠳᠤ ᠪᠤᠰᠤᠳᠴᠢ᠂ ᠲᠥᠪ ᠭᠤᠣᠯᠴᠢ ᠦᠨᠡᠯᠡᠯᠲᠡ ᠬᠢᠯᠭᠡᠳᠡᠭ ᠢ ᠪᠢᠳᠠ ᠮᠡᠳᠡᠨ᠎ᠡ᠃ ᠲᠡᠭᠡᠪᠡᠯ ᠦᠨᠡᠯᠡᠨ ᠰᠢᠯᠭᠠᠬᠤ ᠲᠥᠪ ᠨᠢ | 2018 ᠣᠨ ᠳᠤ ᠶᠠᠮᠠᠷ ᠶᠠᠮᠠᠷ ᠠᠵᠢᠯ ᠬᠢᠪᠡ︖ | ﹇ᠮᠢ ᠴᠤᠤ﹈ 2018 ᠣᠨ ᠳᠤ ᠲᠠᠷᠢᠶᠠᠯᠠᠩ ᠳᠤ ᠬᠤᠯᠪᠣᠭᠳᠠᠬᠤ ᠲᠠᠷᠢᠶᠠᠯᠠᠩ ᠢ ᠳᠡᠮᠵᠢᠬᠦ ᠲᠥᠷᠥᠯ ᠵᠦᠢᠯ 241 ᠶᠢ ᠦᠨᠡᠯᠡᠨ ᠰᠢᠯᠭᠠᠵᠤ᠂ | ᠲᠤᠰᠬᠠᠢ ᠮᠡᠷᠭᠡᠵᠢᠯᠲᠡᠨ ᠤ ᠦᠨᠡᠯᠡᠨ ᠰᠢᠯᠭᠠᠯᠲᠠ ᠪᠠᠷ 171 ᠲᠥᠷᠥᠯ ᠵᠦᠢᠯ ᠢ ᠬᠡᠷᠡᠭᠵᠢᠭᠦᠯᠵᠦ ᠪᠣᠯᠬᠤ᠂ 31 ᠲᠥᠷᠥᠯ ᠵᠦᠢᠯ ᠢ ᠦᠨᠳᠦᠰᠦᠨ ᠳᠡᠭᠡᠨ | ᠬᠡᠷᠡᠭᠵᠢᠭᠦᠯᠵᠦ ᠪᠣᠯᠬᠤ᠂ 39 ᠲᠥᠷᠥᠯ ᠵᠦᠢᠯ ᠢ ᠬᠡᠷᠡᠭᠵᠢᠭᠦᠯᠬᠦ ᠪᠣᠯᠬᠤ ᠦᠭᠡᠢ ᠪᠠᠷ ᠲᠣᠭᠲᠠᠪᠠ᠃ ᠪᠦᠬᠦ ᠲᠥᠷᠥᠯ ᠵᠦᠢᠯ ᠳᠤ ᠨᠡᠶᠢᠲᠡ 29577.58 | ᠲᠦᠮᠡᠨ ᠲᠥᠭᠦᠷᠢᠭ ᠬᠡᠷᠡᠭᠲᠡᠢ ᠪᠠᠶᠢᠵᠤ᠂ ᠲᠡᠭᠦᠨ ᠤ ᠳᠣᠲᠣᠷ᠎ᠠ ᠡᠳ᠋ ᠤᠨ ᠵᠠᠰᠠᠭ ᠤᠨ ᠪᠡᠯᠡ ᠮᠥᠩᠭᠦ 14488.06 ᠲᠦᠮᠡᠨ ᠲᠥᠭᠦᠷᠢᠭ ᠢ ᠭᠤᠶᠤᠴᠢᠯᠠᠪᠠ᠃ | | ﹇ᠬᠥᠲᠥᠯᠥᠭᠴᠢ﹈ ᠡᠶᠢᠮᠦ ᠣᠯᠠᠨ ᠲᠥᠷᠥᠯ ᠵᠦᠢᠯ ᠢ ᠪᠣᠳᠠᠲᠠᠢ ᠳᠤ ᠬᠡᠷᠡᠭᠵᠢᠭᠦᠯᠬᠦ ᠨᠢ ᠲᠠᠷᠢᠶᠠᠴᠢᠳ ᠲᠤ ᠲᠤᠰᠠ ᠪᠣᠯᠵᠤ᠂ ᠲᠠᠷᠢᠶᠠᠯᠠᠩ ᠢ | ᠬᠦᠴᠦᠷᠬᠡᠭᠵᠢᠭᠦᠯᠬᠦ ᠳᠤ ᠦᠢᠯᠡᠳᠦᠯ ᠦᠵᠡᠭᠦᠯᠬᠦ ᠨᠢ ᠳᠠᠮᠵᠢᠭ ᠦᠭᠡᠢ᠂ ᠬᠡᠷᠪᠡ ᠡᠳᠡᠭᠡᠷ ᠲᠥᠷᠥᠯ ᠵᠦᠢᠯ ᠢ ᠮᠡᠳᠡᠭᠦᠯᠵᠦ ᠵᠥᠪᠰᠢᠶᠡᠷᠡᠭᠦᠯᠬᠦ ᠳᠤ ᠪᠣᠳᠠᠲᠠᠢ ᠶᠠᠮᠠᠷ | ᠶᠠᠮᠠᠷ ᠤᠷᠢᠳᠠᠯ ᠨᠥᠬᠦᠴᠡᠯ ᠬᠡᠷᠡᠭᠲᠡᠢ ᠪᠤᠢ︖ | ﹇ᠮᠢ ᠴᠤᠤ﹈ ᠠᠳᠠᠯᠢ ᠦᠭᠡᠢ ᠲᠥᠷᠥᠯ ᠵᠦᠢᠯ ᠤᠨ ᠱᠠᠭᠠᠷᠳᠠᠬᠤ ᠪᠠᠷᠢᠮᠵᠢᠶ᠎ᠠ ᠨᠢ ᠪᠦᠷ ᠠᠳᠠᠯᠢ ᠦᠭᠡᠢ᠃ ᠮᠡᠳᠡᠭᠦᠯᠬᠦ ᠲᠥᠷᠥᠯ ᠵᠦᠢᠯ ᠤᠨ ᠶᠠᠭᠤᠨ ᠤ | ᠤᠷᠢᠳ ᠬᠡᠳᠦᠨ ᠵᠦᠢᠯ ᠤᠨ ᠨᠡᠶᠢᠲᠡᠯᠢᠭ ᠴᠢᠨᠠᠷᠲᠠᠢ ᠨᠥᠬᠦᠴᠡᠯ ᠢ ᠪᠡᠶᠡᠯᠡᠭᠦᠯᠬᠦ ᠬᠡᠷᠡᠭᠲᠡᠢ᠃ ᠶᠠᠭᠤᠨ ᠤ ᠡᠮᠦᠨ᠎ᠡ ᠳᠡᠮᠵᠢᠬᠦ ᠬᠦᠷᠢᠶ᠎ᠡ ᠬᠡᠪᠴᠢᠶ᠎ᠡ ᠨᠢ ᠮᠡᠳᠡᠭᠦᠯᠦᠨ | ᠵᠥᠪᠰᠢᠶᠡᠷᠡᠭᠦᠯᠬᠦ ᠱᠠᠭᠠᠷᠳᠠᠯᠭ᠎ᠠ ᠳᠤ ᠬᠥᠷᠥᠭᠰᠡᠨ ᠪᠠᠶᠢᠬᠤ ᠬᠡᠷᠡᠭᠲᠡᠢ᠂ ᠳᠠᠷᠤᠢ ᠬᠥᠳᠡᠭᠡ ᠠᠵᠤ ᠠᠬᠤᠢ ᠶᠢᠨ ᠦᠢᠯᠡᠰ ᠤᠨ ᠶᠡᠷᠦᠩᠬᠡᠢ ᠬᠥᠭᠵᠢᠯᠲᠡ ᠶᠢᠨ | ᠴᠢᠳᠠᠪᠤᠷᠢ ᠪᠠ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠤᠰ ᠭᠠᠵᠠᠷ ᠤᠨ ᠠᠵᠤ ᠠᠬᠤᠢ ᠶᠢᠨ ᠣᠨᠴᠠᠯᠢᠭ ᠲᠠᠢ | ᠲᠠᠷᠢᠶᠠᠯᠠᠩ ᠤᠨ ᠲᠠᠷᠢᠮᠠᠯ ᠤᠨ ᠰᠠᠭᠤᠷᠢᠨ ᠭᠠᠵᠠᠷ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ | ᠲᠠᠷᠢᠶᠠᠯᠠᠩ ᠤᠨ ᠪᠦᠲᠦᠭᠡᠭᠳᠡᠬᠦᠨ ᠤᠨ ᠭᠦᠢᠯᠭᠡᠭᠡ ᠶᠢᠨ ᠲᠥᠬᠦᠭᠡᠷᠦᠮᠵᠢ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠰᠢᠰᠲ᠋ᠧᠮᠵᠢ ᠵᠡᠷᠭᠡ ᠶᠢᠨ | ᠪᠦᠲᠦᠭᠡᠨ ᠪᠠᠶᠢᠭᠤᠯᠤᠯᠲᠠ ᠪᠠᠭᠲᠠᠵᠤ᠂ ᠡᠩ ᠲᠡᠷᠢᠭᠦᠨ ᠳᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠨ᠎ᠡ ᠮᠡᠷᠭᠡᠵᠢᠯ ᠬᠢᠭᠡᠳ ᠰᠢᠨ᠎ᠡ ᠡᠭᠦᠯᠳᠡᠷ ᠢ | ᠣᠷᠣᠭᠤᠯᠬᠤ ᠪᠠ ᠳᠡᠯᠭᠡᠷᠡᠭᠦᠯᠬᠦ᠂ ᠲᠠᠷᠢᠵᠤ ᠲᠡᠵᠢᠭᠡᠬᠦ ᠦᠢᠯᠡᠰ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠪᠠᠷ ᠭᠤᠣᠯ ᠠᠭᠤᠯᠭ᠎ᠠ | ᠪᠣᠯᠭᠠᠭᠰᠠᠨ ᠲᠥᠷᠥᠯ ᠵᠦᠢᠯ ᠢ ᠳᠡᠮᠵᠢᠨ᠎ᠡ᠃ ᠬᠤᠶᠠᠷ ᠲᠤ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠪᠤᠶᠤ ᠬᠤᠷᠰᠢᠭᠰᠠᠨ ᠵᠣᠬᠢᠶᠠᠨ ᠪᠠᠶᠢᠭᠤᠯᠤᠯᠲᠠ | ᠨᠢ ᠲᠠᠷᠢᠶᠠᠴᠢᠳ ᠲᠠᠢ ᠠᠰᠢᠭ ᠲᠤᠰᠠ ᠪᠠᠨ ᠬᠤᠯᠪᠣᠭᠰᠠᠨ ᠲᠣᠭᠲᠠᠴᠠ ᠲᠠᠢ ᠪᠠᠶᠢᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ᠂ ᠬᠡᠪᠴᠢᠶᠡᠵᠢᠵᠦ | ᠪᠠᠷᠢᠮᠵᠢᠶᠠᠵᠢᠭᠰᠠᠨ ᠲᠠᠷᠢᠵᠤ ᠲᠡᠵᠢᠭᠡᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠣᠬᠢᠶᠠᠨ ᠪᠠᠶᠢᠭᠤᠯᠤᠨ | ᠥᠷᠨᠢᠭᠦᠯᠵᠦ᠂ ᠬᠠᠮᠤᠭ ᠡᠴᠦᠰ ᠤᠨ ᠠᠰᠢᠭ ᠲᠤᠰᠠ ᠢ ᠬᠦᠷᠲᠡᠬᠦ ᠭᠤᠣᠯ ᠴᠣᠭᠴᠠ ᠨᠢ ᠲᠠᠷᠢᠶᠠᠴᠢᠨ ᠪᠠᠶᠢᠵᠤ᠂ ᠭᠤᠣᠯᠳᠠᠭ᠎ᠠ ᠲᠠᠢ ᠳᠡᠮᠵᠢᠬᠦ ᠬᠦᠷᠢᠶ᠎ᠡ | ᠬᠡᠪᠴᠢᠶ᠎ᠡ ᠪᠠᠷ ᠥᠷᠭᠡᠨ᠂ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢᠨ ᠨᠡᠮᠡᠭᠳᠡᠯ ᠢ ᠢᠯᠡᠳᠲᠡ ᠳᠡᠭᠡᠭᠰᠢᠯᠡᠭᠦᠯᠬᠦ ᠲᠥᠷᠥᠯ ᠵᠦᠢᠯ ᠪᠠᠶᠢᠬᠤ ᠶᠢ | ᠱᠠᠭᠠᠷᠳᠠᠨ᠎ᠠ᠃ ᠭᠤᠷᠪᠠ ᠳᠤ᠂ ᠠᠵᠤ ᠠᠬᠤᠶᠢᠯᠠᠯ ᠪᠤᠶᠤ ᠬᠤᠷᠰᠢᠶ᠎ᠠ ᠨᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠨᠡᠯᠢᠶᠡᠳ ᠶᠡᠭᠡ ᠠᠵᠤ | ᠠᠬᠤᠢ ᠶᠢᠨ ᠪᠣᠳᠠᠲᠤ ᠬᠦᠴᠦᠨ ᠪᠠ ᠪᠡᠯᠡ ᠲᠣᠬᠢᠷᠠᠭᠤᠯᠬᠤ ᠴᠢᠳᠠᠯ ᠲᠠᠢ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ | ᠡᠵᠡᠩᠨᠡᠯᠲᠡ ᠬᠠᠮᠢᠶᠠᠷᠤᠯᠲᠠ ᠶᠢᠨ ᠳᠦᠷᠢᠮ ᠪᠠ ᠲᠣᠭᠲᠠᠴᠠ ᠲᠠᠢ᠂ ᠢᠯᠠᠩᠭᠤᠶ᠎ᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠲᠠᠢ ᠪᠠᠶᠢᠬᠤ ᠶᠢ | ᠱᠠᠭᠠᠷᠳᠠᠨ᠎ᠠ᠃ | ﹇ᠬᠥᠲᠥᠯᠥᠭᠴᠢ﹈ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠷᠭᠡᠨ ᠣᠯᠠᠨ ᠲᠠᠷᠢᠶᠠᠴᠢᠨ ᠠᠷᠠᠳ ᠲᠦᠮᠡᠨ ᠨᠢ ᠭᠤᠣᠯ ᠬᠦᠴᠦᠨ ᠤ | ᠴᠡᠷᠢᠭ ᠪᠣᠯᠬᠤ ᠶᠤᠮ᠃ ﹇ᠲᠠᠷᠢᠶᠠᠯᠠᠩ ᠲᠠᠷᠢᠶᠠᠴᠢᠨ ᠬᠥᠳᠡᠭᠡ ᠲᠣᠰᠬᠤᠨ﹈ ᠤ ᠠᠵᠢᠯ ᠢ ᠰᠠᠶᠢᠨ ᠬᠢᠬᠦ ᠳᠤ ᠲᠠᠷᠢᠶᠠᠴᠢᠨ ᠢᠶᠠᠷ ᠭᠤᠣᠯ ᠪᠣᠯᠭᠠᠵᠤ᠂ ᠲᠠᠷᠢᠶᠠᠴᠢᠨ ᠢ | ᠪᠠᠶᠠᠵᠢᠭᠤᠯᠬᠤ ᠪᠠᠷ ᠦᠨᠳᠦᠰᠦ ᠪᠣᠯᠭᠠᠵᠤ᠂ ᠲᠠᠷᠢᠶᠠᠴᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠭᠤᠣᠯ ᠴᠣᠭᠴᠠ ᠶᠢᠨ | ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠡᠭᠦᠨ ᠤ ᠲᠤᠯᠠᠳᠠ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠦᠴᠦᠯᠡᠨ ᠬᠥᠮᠥᠵᠢᠭᠦᠯᠵᠦ᠂ | ᠤᠯᠠᠮᠵᠢᠯᠠᠯᠲᠤ ᠲᠠᠷᠢᠶᠠᠴᠢᠨ ᠠᠴᠠ ᠣᠳᠣ ᠦᠶ᠎ᠡ ᠶᠢᠨ ᠠᠵᠢᠯ ᠮᠡᠷᠭᠡᠵᠢᠯ ᠤᠨ ᠲᠠᠷᠢᠶᠠᠴᠢᠨ ᠳᠤ ᠰᠢᠯᠵᠢᠬᠦ ᠶᠢ ᠠᠬᠢᠭᠤᠯᠵᠤ᠂ ᠲᠠᠷᠢᠶᠠᠴᠢᠨ ᠤ ᠡᠭᠦᠳᠦᠨ ᠪᠦᠲᠦᠭᠡᠬᠦ | ᠴᠢᠳᠠᠪᠤᠷᠢ ᠶᠢ ᠪᠠᠳᠠᠷᠠᠭᠤᠯᠤᠨ ᠲᠠᠷᠢᠶᠠᠯᠠᠩ ᠬᠥᠳᠡᠭᠡᠲ᠋ᠣᠰᠬᠤᠨ ᠤ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠬᠥᠬᠡᠬᠤᠲᠠ ᠶᠢᠨ ᠬᠥᠳᠡᠭᠡ | ᠠᠵᠤ ᠠᠬᠤᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠪ ᠨᠢ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠰᠢᠭᠤᠳ | ᠦᠢᠯᠡᠴᠢᠯᠡᠬᠦ ᠨᠢᠭᠡᠴᠡ ᠪᠣᠯᠣᠭᠰᠠᠨ ᠤ ᠬᠤᠪᠢ ᠳᠤ᠂ 2018 ᠣᠨ ᠳᠤ ᠶᠠᠮᠠᠷ ᠶᠠᠮᠠᠷ ᠪᠣᠯᠪᠠᠰᠤᠷᠠᠭᠤᠯᠤᠯ ᠬᠢᠵᠦ᠂ ᠬᠢᠷᠢ ᠵᠡᠷᠭᠡ ᠪᠦᠲᠦᠮᠵᠢ ᠣᠯᠪᠠ︖ | ﹇ᠿᠧᠨ ᠷᠦᠢ﹈ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠥᠳᠡᠭᠡ ᠠᠵᠤ ᠠᠬᠤᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠥᠪ ᠠᠴᠠ ︽2018 ᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠥᠵᠢᠭᠦᠯᠬᠦ ᠠᠵᠢᠯ ᠢ ᠰᠠᠶᠢᠲᠤᠷ ᠬᠢᠬᠦ | ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ﹇ᠲᠠᠷᠢᠶᠠᠯᠠᠩ ᠲᠠᠷᠢᠶᠠᠴᠢᠨ ᠬᠥᠳᠡᠭᠡ ᠲᠣᠰᠬᠤᠨ﹈ ᠤ ᠠᠰᠠᠭᠤᠳᠠᠯ ᠤᠨ | ᠲᠤᠬᠠᠢ ᠴᠢᠬᠤᠯᠠ ᠲᠥᠷᠥ ᠶᠢᠨ ᠪᠣᠳᠣᠯᠭ᠎ᠠ ᠪᠠᠶᠢᠷᠢᠯᠠᠭᠤᠯᠤᠯᠲᠠ ᠳᠤ ᠤᠶᠠᠯᠳᠤᠭᠤᠯᠤᠨ᠂ ︽2018 ᠣᠨ ᠤ ᠲᠠᠷᠢᠶᠠᠯᠠᠩ ᠢ ᠳᠡᠮᠵᠢᠬᠦ ᠪᠣᠯᠪᠠᠰᠤᠷᠠᠭᠤᠯᠤᠯ ᠤᠨ | ᠠᠵᠢᠯ ᠤᠨ ᠬᠡᠷᠡᠭᠵᠢᠭᠦᠯᠬᠦ ᠲᠥᠰᠥᠯ︾ ᠶᠣᠰᠣᠭᠠᠷ ᠪᠣᠯᠪᠠᠰᠤᠷᠠᠭᠤᠯᠤᠯ ᠤᠨ ᠠᠵᠢᠯ ᠢ ᠡᠷᠬᠢᠯᠡᠨ ᠥᠷᠨᠢᠭᠦᠯᠪᠡ᠃ ᠨᠡᠶᠢᠲᠡ 6 ᠬᠤᠭᠤᠴᠠᠭᠠᠨ ᠤ ᠪᠣᠯᠪᠠᠰᠤᠷᠠᠭᠤᠯᠤᠯ | ᠡᠷᠬᠢᠯᠡᠵᠦ᠂ 420 ᠭᠠᠷᠤᠢ ᠬᠥᠮᠥᠨ ᠣᠷᠣᠯᠴᠠᠪᠠ᠃ | ﹇ᠬᠥᠲᠥᠯᠥᠭᠴᠢ﹈ ᠭᠤᠣᠯᠳᠠᠭᠤ ᠶᠠᠮᠠᠷ ᠶᠠᠮᠠᠷ ᠠᠭᠤᠯᠭ᠎ᠠ ᠶᠢᠨ ᠪᠣᠯᠪᠠᠰᠤᠷᠠᠭᠤᠯᠤᠯ ᠡᠷᠬᠢᠯᠡᠪᠡ︖ | ﹇ᠿᠧᠨ ᠷᠦᠢ﹈ ᠪᠣᠯᠪᠠᠰᠤᠷᠠᠭᠤᠯᠤᠯ ᠳᠤ ᠭᠤᠣᠯᠳᠠᠭᠤ ᠨᠣᠭᠤᠭ᠎ᠠ ᠲᠠᠷᠢᠬᠤ ᠵᠢᠴᠢ ᠬᠤᠷᠣᠬᠠᠢ ᠰᠢᠪᠠᠵᠢ ᠶᠢ ᠰᠡᠷᠭᠡᠶᠢᠯᠡᠬᠦ ᠮᠡᠷᠭᠡᠵᠢᠯ᠂ ᠨᠣᠭᠤᠭ᠎ᠠ ᠶᠢ | ᠡᠵᠡᠩᠨᠡᠨ ᠪᠣᠷᠣᠯᠠᠭᠤᠯᠬᠤ ᠲᠤᠰᠬᠠᠢ ᠮᠡᠳᠡᠯᠭᠡ᠂ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠬᠦ ᠪᠣᠯᠣᠨ | ᠬᠥᠭᠵᠢᠭᠦᠯᠬᠦ ᠵᠢᠴᠢ ᠣᠳᠣ ᠦᠶ᠎ᠡ ᠶᠢᠨ ᠡᠵᠡᠩᠨᠡᠨ ᠪᠣᠷᠣᠯᠠᠭᠤᠯᠬᠤ ᠣᠨᠣᠯᠵᠢᠬᠤᠨ ᠢ ᠬᠡᠷᠬᠢᠨ ᠬᠡᠷᠡᠭᠯᠡᠨ ᠲᠠᠷᠢᠶᠠᠯᠠᠩ ᠤᠨ ᠪᠦᠲᠦᠭᠡᠭᠳᠡᠬᠦᠨ ᠢᠶᠠᠨ ᠡᠵᠡᠩᠨᠡᠬᠦ ᠵᠡᠷᠭᠡ | ᠠᠭᠤᠯᠭ᠎ᠠ ᠪᠠᠭᠲᠠᠨ᠎ᠠ᠃ | ﹇ᠬᠥᠲᠥᠯᠥᠭᠴᠢ﹈ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠪᠣᠯᠪᠠᠰᠤᠷᠠᠭᠤᠯᠤᠯ ᠢ ᠴᠢᠩᠭᠠᠳᠬᠠᠨ᠂ ᠡᠳ᠋ ᠤᠨ ᠵᠠᠰᠠᠭ ᠡᠳ᠋ ᠤᠨ | ᠶᠠᠪᠤᠳᠠᠯ ᠤᠨ ᠺᠠᠲᠠᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠨᠢ ᠡᠳ᠋ ᠤᠨ ᠵᠠᠰᠠᠭ ᠤᠨ ᠲᠣᠪᠴᠢᠶ᠎ᠠ ᠶᠢᠨ | ᠤᠤᠯ ᠠᠴᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠳᠡᠭ ᠨᠢᠭᠡ ᠵᠦᠢᠯ ᠤᠨ ᠠᠵᠢᠯ ᠪᠣᠯᠬᠤ ᠶᠤᠮ᠃ ᠰᠠᠶ᠋ᠢᠬᠠᠨ ᠥᠩᠭᠡᠷᠡᠭᠰᠡᠨ 2018 ᠣᠨ ᠳᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠭᠤᠣᠯᠳᠠᠭᠤ ᠶᠠᠮᠠᠷ ᠶᠠᠮᠠᠷ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠭᠰᠠᠨ ᠪᠤᠢ︖ | ﹇ᠯᠢ ᠭᠠᠩ ᠵᠣ᠋﹈ 2018 ᠣᠨ ᠳᠤ᠂ ᠪᠢᠳᠠᠨ ᠪᠣᠯᠪᠠᠰᠤᠷᠠᠭᠤᠯᠤᠯ ᠤᠨ ᠲᠥᠯᠥᠪᠯᠡᠭᠡ ᠶᠣᠰᠣᠭᠠᠷ᠂ ᠲᠤᠰᠬᠠᠢ ᠢᠯᠡᠳᠬᠡᠯ ᠡᠷᠬᠢᠯᠡᠬᠦ ᠪᠠ ᠨᠢᠭᠡᠳᠦᠯᠲᠡᠢ | ᠪᠣᠯᠪᠠᠰᠤᠷᠠᠭᠤᠯᠤᠯ ᠬᠢᠬᠦ ᠠᠷᠭ᠎ᠠ ᠮᠠᠶ᠋ᠢᠭ ᠢᠶᠠᠷ᠂ 16 ᠬᠤᠭᠤᠴᠠᠭ᠎ᠠ᠂ 3220 ᠭᠠᠷᠤᠢ ᠬᠥᠮᠥᠨ ᠤᠳᠠᠭ᠎ᠠ ᠶᠢᠨ ᠡᠳ᠋ ᠤᠨ ᠵᠠᠰᠠᠭ ᠡᠳ᠋ ᠤᠨ ᠶᠠᠪᠤᠳᠠᠯ ᠤᠨ | ᠺᠠᠲᠠᠷᠴᠤᠳ ᠤᠨ ᠪᠣᠯᠪᠠᠰᠤᠷᠠᠭᠤᠯᠤᠯ ᠡᠷᠬᠢᠯᠡᠪᠡ᠃ ᠠᠭᠤᠯᠭ᠎ᠠ ᠶᠢᠨ ᠬᠤᠪᠢ ᠳᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ᠂ ᠥᠷᠢ ᠰᠢᠷᠢ ᠶᠢᠨ ᠬᠠᠮᠢᠶᠠᠷᠤᠯᠲᠠ᠂ ᠣᠳᠣ ᠦᠶ᠎ᠡ ᠶᠢᠨ ᠡᠳ᠋ ᠤᠨ ᠵᠠᠰᠠᠭ ᠤᠨ ᠲᠣᠭᠲᠠᠭᠠᠯ᠂ ᠲᠥᠰᠥᠪ ᠤᠨ ᠬᠠᠤᠯᠢ᠂ | ᠲᠥᠰᠥᠪ ᠤᠨ ᠣᠷᠣᠨ ᠲᠤᠭ᠎ᠠ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠨᠢᠭᠡ ᠴᠣᠭᠴᠠᠵᠢᠭᠰᠠᠨ | ᠰᠢᠰᠲ᠋ᠧᠮ ᠢ ᠬᠡᠷᠡᠭᠯᠡᠬᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠠᠰᠤᠯᠤᠨ ᠪᠣᠳᠣᠬᠤ᠂ ᠰᠠᠯᠠᠭ᠎ᠠ ᠮᠥᠴᠢᠷ ᠤᠨ ᠲᠠᠰᠤᠯᠤᠨ | ᠪᠣᠳᠣᠬᠤ᠂ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ᠂ ᠵᠠᠰᠠᠭ ᠤᠨ ᠣᠷᠳᠣᠨ ᠤ ᠨᠢᠭᠲᠠᠯᠠᠨ ᠪᠣᠳᠣᠭᠴᠢ ᠶᠢᠨ ᠵᠠᠷᠴᠢᠮ ᠪᠣᠯᠣᠨ ᠨᠢᠭᠲᠠᠯᠠᠨ ᠪᠣᠳᠣᠭᠴᠢ ᠶᠢᠨ | ᠳᠦᠷᠢᠮ ᠵᠡᠷᠭᠡ ᠠᠭᠤᠯᠭ᠎ᠠ ᠶᠢ ᠪᠠᠭᠲᠠᠭᠠᠪᠠ᠃ ᠪᠣᠯᠪᠠᠰᠤᠷᠠᠭᠤᠯᠤᠯ ᠢᠶᠠᠷ ᠳᠠᠮᠵᠢᠨ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠺᠠᠲᠠᠷ ᠤᠨ ᠠᠵᠢᠯ ᠤᠨ | ᠪᠣᠯᠪᠠᠰᠤᠷᠠᠯ ᠢ ᠳᠡᠭᠡᠭᠰᠢᠯᠡᠭᠦᠯᠦᠭᠰᠡᠨ ᠮᠥᠷᠲᠡᠭᠡᠨ ᠡᠳ᠋ ᠤᠨ ᠵᠠᠰᠠᠭ ᠤᠨ ᠬᠠᠮᠢᠶᠠᠷᠤᠯᠲᠠ ᠶᠢ ᠳᠦᠷᠢᠮᠵᠢᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃ | ﹇ᠬᠥᠲᠥᠯᠥᠭᠴᠢ﹈ ᠣᠷᠴᠢᠮ ᠤᠨ ᠵᠢᠯ ᠤᠳ ᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠡᠳ᠋ ᠤᠨ ᠶᠠᠪᠤᠳᠠᠯ ᠤᠨ | ᠺᠠᠲᠠᠷ ᠤᠨ ᠪᠣᠯᠪᠠᠰᠤᠷᠠᠭᠤᠯᠤᠯ ᠢ ᠬᠡᠷᠬᠢᠨ ᠠᠬᠢᠭᠤᠯᠵᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ﹇ᠯᠢ ᠭᠠᠩ ᠵᠣ᠋﹈ ᠨᠢᠭᠡ ᠳᠤ᠂ ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠪᠣᠯᠪᠠᠰᠤᠷᠠᠭᠤᠯᠤᠯ ᠤᠨ ᠠᠵᠢᠯ ᠢ ᠰᠠᠶᠢᠨ | ᠬᠢᠬᠦ ᠳᠤ ᠪᠠᠲᠤᠯᠠᠭ᠎ᠠ ᠬᠠᠩᠭᠠᠪᠠ᠃ ᠬᠤᠶᠠᠷ ᠲᠤ᠂ ᠪᠠᠶᠢᠴᠠᠭᠠᠯᠲᠠ ᠰᠤᠳᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ ᠱᠠᠭᠠᠷᠳᠠᠯᠭ᠎ᠠ ᠶᠢ ᠡᠵᠡᠮᠰᠢᠨ᠂ | ᠲᠥᠯᠥᠪᠯᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠪᠡ᠃ ᠭᠤᠷᠪᠠ ᠳᠤ᠂ ᠪᠠᠭᠰᠢ ᠨᠠᠷ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠣᠯᠪᠠᠰᠤᠷᠠᠭᠤᠯᠤᠯ ᠤᠨ | ᠶᠠᠰᠤ ᠴᠢᠨᠠᠷ ᠢ ᠳᠡᠭᠡᠭᠰᠢᠯᠡᠭᠦᠯᠪᠡ᠃ | ﹇ᠬᠥᠲᠥᠯᠥᠭᠴᠢ﹈ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠯᠥᠩ ᠯᠥᠩ ᠵᠢᠴᠢ ᠬᠤᠯᠪᠣᠭᠳᠠᠯ | ᠪᠦᠬᠦᠢ ᠨᠥᠬᠦᠳ ᠰᠢᠭᠤᠳ ᠨᠡᠪᠲᠡᠷᠡᠭᠦᠯᠭᠡ ᠶᠢᠨ ᠥᠷᠥᠭᠡ ᠳᠤ ᠬᠦᠷᠦᠯᠴᠡᠨ ᠢᠷᠡᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷ ᠤᠨ ᠡᠳ᠋ ᠤᠨ | ᠵᠠᠰᠠᠭ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠢᠶᠠᠷ ᠬᠥᠳᠡᠭᠡ ᠠᠵᠤ ᠠᠬᠤᠢ ᠶᠢ ᠲᠤᠰᠠᠯᠠᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠳ ᠲᠤ ᠨᠡᠩ ᠣᠯᠠᠨ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ | ᠰᠡᠳᠬᠢᠯᠭᠡ᠂ ᠠᠮᠤᠷ ᠲᠦᠪᠰᠢᠨ ᠰᠡᠳᠬᠢᠯᠭᠡ ᠣᠯᠭᠤᠭᠰᠠᠨ ᠲᠤᠬᠠᠢ ᠥᠷᠭᠡᠨ ᠣᠯᠠᠨ ᠰᠣᠨᠣᠰᠤᠭᠴᠢᠳ ᠪᠣᠯᠣᠨ ᠰᠦᠯᠵᠢᠶᠡᠨ ᠨᠥᠬᠦᠳ ᠲᠠᠢ ᠰᠠᠨᠠᠯ | ᠪᠣᠳᠣᠯ ᠢᠶᠠᠨ ᠰᠣᠯᠢᠯᠴᠠᠭᠰᠠᠨ ᠳᠤ ᠪᠠᠶᠠᠷᠯᠠᠯ᠎ᠠ᠂ ᠲᠠ ᠪᠦᠬᠦᠨ ᠳᠤ ᠪᠠᠶᠠᠷᠯᠠᠯ᠎ᠠ᠃ | ﹇ᠬᠠᠮᠢᠶᠠᠷᠤᠭᠴᠢ﹈ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠰᠤᠳᠤᠯᠤᠨ ᠪᠠᠶᠢᠴᠠᠭᠠᠭᠴᠢ ᠯᠢ ᠯᠦᠩ ᠯᠦᠩ᠂ ᠡᠳ᠋ ᠤᠨ | ᠵᠠᠰᠠᠭ ᠤᠨ ᠺᠠᠲᠠᠷᠴᠤᠳ ᠤᠨ ᠪᠣᠯᠪᠠᠰᠤᠷᠠᠭᠤᠯᠤᠯ ᠤᠨ ᠲᠥᠪ ᠤᠨ ᠡᠷᠬᠢᠯᠡᠭᠴᠢ ᠯᠢ ᠭᠠᠩ ᠵᠣ᠋᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ | ᠠᠰᠢᠭᠯᠠᠬᠤ ᠮᠡᠷᠭᠡᠵᠢᠯ ᠤᠨ ᠰᠤᠳᠤᠯᠭᠠᠨ ᠢ ᠦᠨᠡᠯᠡᠨ ᠰᠢᠯᠭᠠᠬᠤ ᠲᠥᠪ ᠤᠨ ᠳᠡᠳ᠋ ᠡᠷᠬᠢᠯᠡᠭᠴᠢ ᠮᠢ ᠴᠤᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ | ᠠᠰᠢᠭᠯᠠᠬᠤ ᠠᠯᠪᠠᠨ ᠭᠡᠷ ᠤᠨ ᠶᠠᠩ ᠶᠠᠨ᠂ ᠬᠥᠳᠡᠭᠡ ᠠᠵᠤ ᠠᠬᠤᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠪ ᠤᠨ ᠡᠷᠬᠢᠯᠡᠭᠴᠢ | ᠿᠧᠨ ᠷᠦᠢ ᠳᠤ ᠪᠠᠶᠠᠷᠯᠠᠯ᠎ᠠ᠂ ᠰᠦᠯᠵᠢᠶᠡᠨ ᠤ ᠨᠥᠬᠦᠳ ᠤᠨ ᠠᠩᠬᠠᠷᠤᠯ ᠢᠶᠠᠨ ᠬᠠᠨᠳᠤᠭᠤᠯᠤᠭᠰᠠᠨ ᠪᠣᠯᠣᠨ ᠣᠷᠣᠯᠴᠠᠭᠰᠠᠨ ᠳᠤ ᠪᠠᠶᠠᠷᠯᠠᠯ᠎ᠠ᠂ ᠡᠨᠡ | ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃ | | |