ᠬᠠᠷᠠᠭ᠎ᠠ ᠦᠭᠡᠢ ᠬᠥᠮᠥᠨ ᠤ ᠤᠩᠰᠢᠬᠤ ᠮᠠᠰᠢᠨ ᠤ  ﹇ᠭᠡᠷᠡᠯᠲᠦᠯᠭᠡ﹈
ᠨᠡᠶᠢᠲᠡᠯᠡᠭᠰᠡᠨ ᠴᠠᠭ᠄
2019-03-21
     ᠥᠴᠥᠭᠡᠳᠦᠷ᠂ ᠢᠦᠢ ᠴᠢᠦᠸᠠᠨ ᠲᠣᠭᠤᠷᠢᠭ ᠤᠨ ᠨᠣᠮ ᠤᠨ ᠰᠠᠩ ᠤᠨ ᠠᠵᠢᠯᠲᠠᠨ ᠬᠠᠷᠠᠭ᠎ᠠ ᠦᠭᠡᠢ ᠬᠥᠮᠥᠨ ᠤ ᠰᠣᠨᠣᠰᠬᠤ ᠮᠠᠰᠢᠨ ᠢ ᠲᠣᠬᠢᠷᠠᠭᠤᠯᠤᠨ ᠲᠤᠷᠰᠢᠵᠤ ᠪᠠᠶᠢᠪᠠ᠃ ᠣᠶᠢᠯᠭᠠᠭᠰᠠᠨ ᠢᠶᠠᠷ᠂ ᠲᠤᠰ ᠨᠣᠮ ᠤᠨ ᠰᠠᠩ 50 ᠰᠠᠭᠤᠷᠢ ᠬᠠᠷᠠᠭ᠎ᠠ ᠦᠭᠡᠢ ᠬᠥᠮᠥᠨ ᠤ ᠰᠣᠨᠣᠰᠬᠤ ᠣᠶᠣᠨᠲᠤ ᠮᠠᠰᠢᠨ ᠰᠢᠨ᠎ᠡ ᠪᠠᠷ ᠣᠷᠣᠭᠤᠯᠵᠤ᠂ ᠬᠠᠷᠠᠭ᠎ᠠ ᠮᠠᠭᠤ ᠬᠥᠮᠥᠨ ᠥᠪᠡᠷ ᠤᠨ ᠵᠢᠭᠡᠯᠡᠵᠦ ᠤᠩᠰᠢᠬᠤ ᠲᠡᠮᠳᠡᠭ ᠢᠶᠠᠷ ᠢᠶᠠᠨ ᠬᠠᠷᠠᠭ᠎ᠠ ᠦᠭᠡᠢ ᠬᠥᠮᠥᠨ ᠤ ᠰᠣᠨᠣᠰᠬᠤ ᠮᠠᠰᠢᠨ ᠢ ᠵᠢᠭᠡᠯᠡᠨ ᠤᠩᠰᠢᠵᠤ ᠪᠣᠯᠣᠨ᠎ᠠ᠃ ᠡᠨᠡᠬᠦ ᠮᠠᠰᠢᠨ ᠨᠢ WIFI ᠴᠢᠳᠠᠮᠵᠢ ᠲᠠᠢ ᠪᠠᠶᠢᠵᠤ᠂ ᠬᠠᠷᠠᠭ᠎ᠠ ᠮᠠᠭᠤ ᠤᠩᠰᠢᠭᠴᠢ ᠡᠨᠡ ᠶᠢ ᠬᠡᠷᠡᠭᠯᠡᠨ ᠳᠤᠮᠳᠠᠳᠤ ᠤᠯᠤᠰ ᠤᠨ ᠬᠠᠷᠠᠭ᠎ᠠ ᠮᠠᠭᠤ ᠬᠥᠮᠥᠨ ᠤ ᠨᠡᠪᠲᠡᠷᠬᠡᠢ ᠤᠬᠠᠭᠠᠨ ᠤ ᠮᠡᠳᠡᠯᠭᠡ ᠶᠢᠨ ᠬᠥᠮᠥᠷᠭᠡ᠂ ᠨᠡᠷᠡᠲᠦ ᠪᠠᠭᠰᠢ ᠶᠢᠨ ᠬᠢᠴᠢᠶᠡᠯᠯᠡᠭᠡ ᠶᠢᠨ ᠡᠬᠢ ᠰᠤᠷᠪᠤᠯᠵᠢ ᠵᠡᠷᠭᠡ ᠮᠡᠳᠡᠯᠭᠡ ᠳᠤ ᠰᠢᠨ᠎ᠡ ᠶᠢ ᠡᠭᠦᠳᠦᠭᠰᠡᠨ ᠳ᠋ᠠᠶᠢᠲ᠋ᠠ ᠶᠢᠨ ᠬᠥᠮᠥᠷᠭᠡ ᠶᠢ ᠳᠤᠷ᠎ᠠ ᠪᠠᠷ ᠬᠡᠷᠡᠭᠯᠡᠵᠦ᠂ ᠥᠪᠡᠷ ᠤᠨ ᠡᠯᠪᠡᠭ ᠪᠠᠶᠠᠯᠢᠭ ᠤᠩᠰᠢᠬᠤ ᠱᠠᠭᠠᠷᠳᠠᠯᠭ᠎ᠠ ᠪᠠ ᠮᠡᠳᠡᠭᠡ ᠵᠠᠩᠭᠢ ᠶᠢᠨ ᠱᠠᠭᠠᠷᠳᠠᠯᠭ᠎ᠠ ᠪᠠᠨ ᠬᠠᠩᠭᠠᠵᠤ ᠪᠣᠯᠣᠨ᠎ᠠ᠃ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号