ᠰᠢᠨᠬᠤᠸᠠ ᠮᠣᠩᠭᠤᠯ ᠨᠧᠲ ᠬᠦᠬᠡᠬᠤᠳᠠ ᠶᠢᠨ 3 ᠰᠠᠷ᠎ᠠ ᠶᠢᠨ 21 ᠤ ᠡᠳᠤᠷ ᠤᠨ ᠴᠠᠬᠢᠯᠭᠠᠨ ᠮᠡᠳᠡᠭᠡ ︵ | ᠪᠠᠢ ᠯᠢᠩ ᠳ᠋ᠢ︶ 20 ᠤ ᠡᠳᠤᠷ᠂ ᠬᠦᠬᠡᠬᠤᠳᠠ ᠶᠢᠨ ᠮᠣᠩᠭᠤᠯ ᠦᠨᠳᠤᠰᠦᠳᠡᠨ ᠤ ᠲᠤᠷᠰᠢᠯᠳᠠ ᠶᠢᠨ | ᠰᠤᠷᠭᠠᠭᠤᠯᠢ ᠶᠢᠨ ᠪᠠᠶᠢᠭᠤᠯᠤᠯᠳᠠ ᠶᠢᠨ ᠠᠯᠪᠠᠨ ᠠᠴᠠ ᠤᠶᠢᠯᠠᠭᠠᠭᠰᠠᠨ ᠢᠶᠠᠷ᠂ ᠬᠦᠬᠡᠬᠤᠳᠠ ᠶᠢᠨ ᠮᠣᠩᠭᠤᠯ | ᠦᠨᠳᠤᠰᠦᠳᠡᠨ ᠤ ᠲᠤᠷᠰᠢᠯᠳᠠ ᠶᠢᠨ ᠰᠤᠷᠭᠠᠭᠤᠯᠢ ᠦᠨᠦ ᠵᠢᠯ ᠤᠨ 7 ᠰᠠᠷ᠎ᠠ ᠠᠴᠠ ᠡᠬᠢᠯᠡᠨ ᠬᠡᠦᠬᠡᠳ ᠤᠨ ᠴᠡᠴᠡᠷᠯᠢᠭ | ᠂ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠪᠠᠷ ᠲᠦᠯᠦᠪᠯᠡᠵᠤ ᠪᠤᠢ᠃ | | 3 ᠰᠠᠷ᠎ᠠ ᠶᠢᠨ 20 ᠤ ᠡᠳᠤᠷ ᠵᠢᠷᠤᠭᠯᠠᠭᠰᠠᠨ ᠬᠦᠬᠡᠬᠤᠳᠠ ᠶᠢᠨ ᠮᠣᠩᠭᠤᠯ ᠦᠨᠳᠤᠰᠦᠳᠡᠨ ᠤ ᠲᠤᠷᠰᠢᠯᠳᠠ ᠶᠢᠨ | ᠰᠤᠷᠭᠠᠭᠤᠯᠢ ᠶᠢᠨ ᠪᠠᠶᠢᠭᠤᠯᠤᠯᠳᠠ ᠶᠢᠨ ᠲᠠᠯᠠᠪᠤᠷ | ᠤᠷᠢᠳᠴᠢᠯᠠᠨ ᠲᠤᠭᠠᠴᠠᠭᠠᠯᠠᠭᠰᠠᠨ ᠢᠶᠠᠷ᠂ 2020 ᠤᠨ ᠤ 7 ᠰᠠᠷ᠎ᠠ ᠠᠴᠠ ᠡᠬᠢᠯᠡᠨ ᠠᠩᠬ᠎ᠠ ᠲᠤᠮᠳᠠᠳᠤ | ᠪᠤᠯᠤᠨ ᠦᠨᠳᠤᠷ ᠲᠤᠮᠳᠠᠳᠤ ᠶᠢᠨ ᠰᠤᠷᠤᠭᠴᠢ ᠡᠯᠰᠡᠨ᠎ᠠ᠃ 2018 ᠤᠨ ᠳᠤ ᠲᠤᠰ ᠰᠤᠷᠭᠠᠭᠤᠯᠢ ᠶᠢᠨ ᠪᠠᠭᠰᠢ ᠶᠢᠨ | ᠡᠩᠨᠡᠭᠡ ᠶᠢ ᠡᠬᠢᠯᠡᠨ ᠪᠦᠷᠢᠯᠳᠦᠬᠦᠯᠪᠡ᠂ ᠤᠳᠤᠬᠠᠨ ᠳᠤ ᠨᠡᠶᠢᠳᠡ 76 ᠪᠠᠭᠰᠢ ᠲᠠᠢ᠂ ᠤᠳᠤ ᠬᠦᠬᠡᠬᠤᠳᠠ ᠶᠢᠨ | ᠮᠣᠩᠭᠤᠯ ᠦᠨᠳᠤᠰᠦᠳᠡᠨ ᠤ ᠰᠤᠷᠭᠠᠭᠤᠯᠢ ᠪᠤᠯᠤᠨ ᠬᠦᠬᠡᠬᠤᠳᠠ ᠶᠢᠨ ᠦᠨᠳᠤᠰᠦᠳᠡᠨ ᠤ ᠲᠤᠷᠰᠢᠯᠳᠠ ᠶᠢᠨ | ᠰᠤᠷᠭᠠᠭᠤᠯᠢ ᠳᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠦᠷᠳᠡᠵᠤ ᠪᠤᠢ᠃ | ᠤᠶᠢᠯᠠᠭᠠᠭᠰᠠᠨ ᠢᠶᠠᠷ᠂ ᠬᠦᠬᠡᠬᠤᠳᠠ ᠶᠢᠨ ᠮᠣᠩᠭᠤᠯ ᠦᠨᠳᠤᠰᠦᠳᠡᠨ ᠤ ᠲᠤᠷᠰᠢᠯᠳᠠ ᠶᠢᠨ ᠰᠤᠷᠭᠠᠭᠤᠯᠢ ᠨᠢ | ᠬᠦᠬᠡᠬᠤᠳᠠ ᠶᠢᠨ ᠵᠡᠬᠦᠨ ᠡᠮᠦᠨ᠎ᠡ ᠪᠦᠰᠡ ᠳᠤ ᠪᠠᠶᠢᠷᠢᠯᠠᠳᠠᠭ᠃ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ | ᠠᠩᠬ᠎ᠠ ᠲᠤᠮᠳᠠᠳᠤ ᠰᠤᠷᠭᠠᠭᠤᠯᠢ᠂ ᠦᠨᠳᠤᠷ ᠲᠤᠮᠳᠠᠳᠤ ᠰᠤᠷᠭᠠᠭᠤᠯᠢ ᠵᠡᠷᠬᠡ ᠶᠢ ᠪᠠᠭᠳᠠᠭᠠᠭᠰᠠᠨ ᠠᠷᠪᠠᠨ ᠲᠠᠪᠤᠨ | ᠵᠢᠯ ᠤᠨ ᠲᠦᠷᠢᠮᠳᠦ ᠮᠣᠩᠭᠤᠯ ᠦᠨᠳᠤᠰᠦᠳᠡᠨ ᠤ ᠰᠤᠷᠭᠠᠭᠤᠯᠢ ᠪᠤᠯᠤᠨ᠎ᠠ᠃ ᠡᠬᠦᠨ ᠳᠤ ᠬᠡᠦᠬᠡᠳ ᠤᠨ ᠴᠡᠴᠡᠷᠯᠢᠭ ᠨᠢ | ᠪᠦᠬᠦᠯᠢ ᠡᠳᠤᠷ ᠢᠶᠠᠷ ᠬᠢᠴᠢᠶᠡᠯᠯᠡᠬᠦ ᠪᠠᠷᠢᠮᠵᠢᠶ᠎ᠠ ᠪᠠᠷ᠂ ᠲᠤᠮᠳᠠᠳᠤ ᠪᠠᠭ᠎ᠠ ᠰᠤᠷᠭᠠᠭᠤᠯᠢ ᠨᠢ ᠪᠠᠶᠢᠷᠢᠨ ᠳᠤ ᠰᠠᠭᠤᠬᠤ ᠪᠠᠷ | ᠭᠤᠤᠯᠯᠠᠭᠰᠠᠨ ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶ᠎ᠠ ᠪᠠᠷ ᠪᠠᠶᠢᠭᠤᠯᠵᠤ ᠪᠤᠢ᠃ | ᠰᠤᠷᠭᠠᠭᠤᠯᠢ ᠶᠢᠨ ᠬᠦᠷᠢᠶᠡᠨ ᠳᠤ ᠵᠢᠭᠠᠨ ᠰᠤᠷᠭᠠᠯᠳᠠ ᠶᠢᠨ ᠠᠰᠠᠷ᠂ ᠨᠤᠮ ᠤᠨ ᠰᠠᠩ᠂ ᠬᠤᠭᠤᠯᠠᠨ ᠬᠡᠷ᠂ | ᠲᠠᠮᠢᠷ ᠤᠨ ᠤᠷᠳᠤᠨ᠂ ᠲᠠᠮᠢᠷ ᠤᠨ ᠲᠠᠯᠠᠪᠤᠷ᠂ ᠪᠠᠶᠢᠷᠢ ᠵᠡᠷᠬᠡ ᠤᠯᠠᠨ ᠲᠦᠷᠦᠯ ᠤᠨ ᠪᠠᠷᠢᠯᠭ᠎ᠠ ᠲᠠᠢ᠃ ᠲᠤᠰ | ᠰᠤᠷᠭᠠᠭᠤᠯᠢ ᠶᠢ ᠲᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠤᠪᠴᠢᠶᠠᠨ ᠤ ᠪᠦᠯᠦᠭᠯᠡᠯ ᠺᠤᠮᠫᠠᠨᠢ ᠲᠠᠭᠠᠭᠠᠨ | ᠪᠠᠶᠢᠭᠤᠯᠵᠤ᠂ 2018 ᠤᠨ ᠤ 8 ᠰᠠᠷ᠎ᠠ ᠳᠤ ᠪᠠᠷᠢᠯᠭ᠎ᠠ ᠡᠬᠢᠯᠡᠪᠡ᠃ | ᠤᠷᠢᠳᠴᠢᠯᠠᠨ ᠲᠤᠭᠠᠴᠠᠭᠠᠯᠠᠭᠰᠠᠨ ᠢᠶᠠᠷ᠂ ᠬᠡᠦᠬᠡᠳ ᠤᠨ ᠴᠡᠴᠡᠷᠯᠢᠭ ᠤᠨ ᠠᠰᠠᠷ ᠪᠤᠯᠤᠨ ᠪᠠᠭ᠎ᠠ | ᠰᠤᠷᠭᠠᠭᠤᠯᠢ ᠶᠢᠨ ᠪᠠᠶᠢᠷᠢ ᠶᠢᠨ ᠠᠰᠠᠷ ᠨᠢ 2019 ᠤᠨ ᠤ 5 ᠰᠠᠷ᠎ᠠ ᠶᠢᠨ 30 ᠤ ᠡᠳᠤᠷ᠂ ᠪᠤᠰᠤᠳ | ᠠᠰᠠᠷ ᠤᠳ ᠨᠢ 6 ᠰᠠᠷ᠎ᠠ ᠶᠢᠨ 30 ᠤ ᠡᠳᠤᠷ ᠪᠠᠷᠢᠯᠭ᠎ᠠ ᠲᠠᠭᠤᠰᠴᠤ᠂ 9 ᠰᠠᠷ᠎ᠠ ᠶᠢᠨ 1 ᠤ ᠡᠳᠤᠷ ᠠᠴᠠ | ᠠᠰᠢᠭᠯᠠᠯᠳᠠ ᠳᠤ ᠤᠷᠤᠭᠤᠯᠬᠤ ᠪᠠᠷ ᠪᠠᠶᠢᠨ᠎ᠠ᠃ | | ᠬᠦᠬᠡᠬᠤᠳᠠ ᠶᠢᠨ ᠮᠣᠩᠭᠤᠯ ᠦᠨᠳᠤᠰᠦᠳᠡᠨ ᠤ ᠲᠤᠷᠰᠢᠯᠳᠠ ᠶᠢᠨ ᠰᠤᠷᠭᠠᠭᠤᠯᠢ ᠶᠢᠨ ᠪᠠᠶᠢᠭᠤᠯᠤᠯᠳᠠ ᠶᠢᠨ | ᠲᠦᠰᠦᠯ ᠤᠨ ᠵᠢᠷᠤᠭ |