ᠪᠢᠴᠢᠬᠠᠨ ᠠᠮᠤᠷ ᠢ ᠬᠠᠮᠠᠭᠠᠯᠠᠭᠴᠢ
ᠨᠡᠶᠢᠲᠡᠯᠡᠭᠰᠡᠨ ᠴᠠᠭ᠄
2019-03-22
     ᠥᠴᠥᠭᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠᠭᠠᠢ ᠡᠭᠦᠷᠭᠡ ᠶᠢᠨ ᠳᠥᠷᠪᠡᠳᠦᠭᠡᠷ ᠳᠤᠮᠳᠠ ᠠᠩᠭᠢ᠂ ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠶᠢᠨ ᠬᠤᠶᠠᠳᠤᠭᠠᠷ ᠨᠡᠶᠢᠲᠡ ᠶᠢᠨ ᠮᠠᠰᠢᠨ ᠲᠡᠷᠭᠡ ᠠᠴᠠ ᠬᠠᠮᠲᠤᠷᠠᠨ ﹇ᠠᠮᠤᠷ ᠲᠦᠪᠰᠢᠨ ᠢᠷᠡᠭᠡᠳᠦᠢ ᠳᠤ ᠬᠦᠷᠭᠡᠵᠦ᠂ ᠡᠶ᠎ᠡ ᠵᠣᠬᠢᠴᠠᠯ ᠬᠦᠰᠡᠯ ᠮᠥᠷᠥᠭᠡᠳᠦᠯ ᠢ ᠪᠡᠶᠡᠯᠡᠭᠦᠯᠳᠡᠭ ﹈ ᠭᠤᠣᠯ ᠰᠡᠳᠦᠪᠲᠦ ᠬᠥᠳᠡᠯᠭᠡᠭᠡᠨ ᠢ ᠥᠷᠨᠢᠭᠦᠯᠪᠡ᠃ ᠬᠥᠳᠡᠯᠭᠡᠭᠡᠨ ᠳᠤ᠂ ᠴᠡᠴᠡᠷᠯᠢᠭ ᠤᠨ ᠬᠡᠦᠬᠡᠳ ᠤᠳ ᠬᠤᠩᠬᠤᠲᠤ ᠲᠡᠷᠭᠡ ᠶᠢ ᠳᠡᠷᠭᠡᠳᠡ ᠨᠢ ᠲᠣᠭᠤᠷᠢᠨ ᠦᠵᠡᠵᠦ᠂ ᠵᠠᠮ ᠬᠠᠷᠢᠯᠴᠠᠭᠠᠨ ᠤ ᠲᠡᠮᠳᠡᠭ ᠪᠣᠯᠣᠨ ᠵᠠᠮ ᠬᠠᠷᠢᠯᠴᠠᠭᠠᠨ ᠤ ᠭᠠᠷ ᠳᠣᠬᠢᠶ᠎ᠠ ᠶᠢ ᠰᠤᠷᠤᠯᠴᠠᠵᠤ᠂ ᠳᠠᠭᠤᠷᠢᠶᠠᠨ ᠵᠢᠯᠣᠭᠤᠳᠬᠤ ᠲᠠᠩᠬᠢᠮ ᠢᠶᠠᠷ ᠲᠣᠭᠤᠷᠢᠨ ᠦᠵᠡᠬᠦ ᠶᠢᠨ ᠬᠠᠮᠲᠤ ᠬᠡᠦᠬᠡᠳ ᠤᠨ 4D ᠺᠢᠨᠣ᠋ ᠦᠵᠡᠪᠡ᠃ ᠬᠡᠦᠬᠡᠳ ᠤᠳ ᠡᠯ᠎ᠡ ᠵᠦᠢᠯ ᠤᠨ ᠬᠥᠳᠡᠯᠭᠡᠭᠡᠨ ᠳᠤ ᠣᠷᠣᠯᠴᠠᠬᠤ ᠪᠠᠷ ᠳᠠᠮᠵᠢᠵᠤ ᠬᠠᠤᠯᠢ ᠶᠢ ᠰᠤᠷᠤᠯᠴᠠᠵᠤ ᠬᠠᠤᠯᠢ ᠶᠢ ᠣᠶᠢᠯᠭᠠᠵᠤ ᠬᠠᠤᠯᠢ ᠶᠢ ᠬᠡᠷᠡᠭᠯᠡᠬᠦ ᠲᠠᠨᠢᠯᠲᠠ ᠲᠠᠢ ᠪᠣᠯᠪᠠ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠠᠩ ᠶᠦᠨ ᠭᠠᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号