ᠬᠥᠬᠡᠬᠤᠲᠠ ᠶᠢᠨ ᠮᠠᠷᠠᠰᠤᠨ ᠤᠷᠤᠯᠳᠤᠭᠠᠨ 5 ᠰᠠᠷ᠎ᠠ ᠳᠤ ᠡᠬᠢᠯᠡᠨ᠎ᠡ
ᠨᠡᠶᠢᠲᠡᠯᠡᠭᠰᠡᠨ ᠴᠠᠭ᠄
2019-03-26
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 24 ᠤ  ᠡᠳᠦᠷ ᠤᠨ  ᠮᠡᠳᠡᠭᠡ  ︵ᠰᠤᠷᠪᠤᠯᠵᠢᠯᠠᠭᠴᠢ ᠵᠧᠩ ᠢ︶ 2019 ᠣᠨ ᠤ ᠬᠥᠬᠡᠬᠤᠲᠠ ᠶᠢᠨ ᠮᠠᠷᠠᠰᠤᠨ ᠵᠢᠴᠢ ︽ᠡᠷᠡᠭᠦᠯ ᠡᠩᠬᠡ ᠳᠤᠮᠳᠠᠳᠤ ᠤᠯᠤᠰ︾ ᠤᠨ ᠮᠠᠷᠠᠰᠤᠨ ᠰᠢᠷᠢᠰ‌ᠤᠷᠤᠯᠳᠤᠭᠠᠨ ᠤ ᠬᠥᠬᠡᠬᠤᠲᠠ ᠥᠷᠲᠡᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ  ᠲᠦᠷᠦᠭᠦᠬᠡᠨ  ᠪᠡᠭᠡᠵᠢᠩ ᠤᠨ  ᠠᠷᠠᠳ ‍ᠤᠨ‌‍ᠰᠦ᠋ᠯᠵᠢᠶ᠎ᠡ ᠶᠢᠨ 1 ᠳ᠋ᠦ᠋ᠭᠡᠷ ᠲᠣᠭᠠᠲᠤ ᠲᠣᠭᠯᠠᠯᠲᠠ ᠶᠢᠨ ᠲᠢᠩᠬᠢᠮ ᠳᠤ ᠶᠠᠪᠤᠭᠳᠠᠪᠠ᠃ ᠲᠤᠰ ᠬᠤᠭᠤᠴᠠᠭᠠᠨ ᠤ  ᠤᠷᠤᠯᠳᠤᠭᠠᠨ ᠨᠢ 5 ᠰᠠᠷ᠎ᠠ ᠶᠢᠨ 25 ᠤ ᠡᠳᠦᠷ ᠡᠬᠢᠯᠡᠵᠦ᠂ ᠪᠥᠬᠦ ᠶᠠᠪᠤᠴᠠ ᠳᠤ ᠮᠠᠷᠠᠰᠤᠨ  ᠭᠦᠶᠦᠯᠲᠡ᠂  10  ᠺᠢᠯᠣᠮᠧᠲᠷ ᠤᠨ  ᠭᠦᠶᠦᠯᠲᠡ᠂ᠪᠢᠴᠢᠯ ᠭᠦᠶᠦᠯᠲᠡ ᠵᠡᠷᠭᠡ 3 ᠪᠦᠯᠦᠭ ᠬᠤᠪᠢᠶᠠᠵᠤ᠂ ᠤᠷᠤᠯᠳᠤᠭᠠᠨ ᠤ ᠶᠡᠷᠦᠩᠬᠡᠶ ᠬᠡᠪᠴᠢᠶ᠎ᠡ ᠨᠢ  ᠪᠠᠷᠤᠭ  1.5  ᠲᠦᠮᠡᠨ‌‍ᠬᠥ᠋ᠮᠦᠨ ᠳᠤ ᠬᠦᠷᠬᠦ ᠪᠣᠯᠤᠨ᠎ᠠ᠃              ᠲᠤᠰ  ᠬᠤᠭᠤᠴᠠᠭᠠᠨ ᠤ  ᠤᠷᠤᠯᠳᠤᠭᠤᠨ ᠢ  ᠳᠤᠮᠳᠠᠳᠤ  ᠤᠯᠤᠰ ᠤᠨ  ᠬᠦᠨᠳᠦ  ᠬᠥᠩᠭᠡᠨ  ᠪᠡᠶ᠎ᠡ ᠶᠢᠨ  ᠲᠠᠮᠢᠷ ‍ᠤᠨ‌ᠨᠡᠶᠢᠭᠡᠮᠯᠢᠭ᠂ ᠠᠷᠠᠳ ᠤᠨ ᠰᠦᠯᠵᠢᠶ᠎ᠡ᠂ ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ  ᠪᠡᠶ᠎ᠡ ᠶᠢᠨ  ᠲᠠᠮᠢᠷ ‍ᠤᠨ‌‍ᠲ᠋ᠣᠪᠴᠢᠶ᠎ᠠ᠂ ᠬᠥᠬᠡᠬᠤᠲᠠ ᠶᠢᠨ  ᠠᠷᠠᠳ ᠤᠨ  ᠵᠠᠰᠠᠭ ᠤᠨ  ᠣᠷᠳᠣᠨ ᠠᠴᠠ  ᠭᠤᠤᠯᠯᠠᠨ  ᠡᠷᠬᠢᠯᠡᠵᠦ᠂  ᠥᠪᠥᠷ  ᠮᠣᠩᠭᠤᠯ ‍ᠤᠨ‌ᠥᠪᠡᠷᠲᠡᠭᠡᠨ  ᠵᠠᠰᠠᠬᠤ  ᠣᠷᠣᠨ ᠤ  ᠪᠡᠶ᠎ᠡ ᠶᠢᠨ  ᠲᠠᠮᠢᠷ ᠤᠨ  ᠲᠣᠪᠴᠢᠶ᠎ᠠ ᠶᠢᠨ  ᠬᠦᠨᠳᠦ  ᠬᠥᠩᠭᠡᠨ  ᠪᠡᠶ᠎ᠡ ᠶᠢᠨ   ᠲᠠᠮᠢᠷ ‍ᠤᠨ‌ᠬᠠᠮᠢᠶᠠᠷᠤᠯᠲᠠ ᠶᠢᠨ ᠲᠥᠪ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠪᠡᠶ᠎ᠡ ᠶᠢᠨ ᠲᠠᠮᠢᠷ᠂ ᠠᠷᠠᠳ ‍ᠤᠨ‌‍ᠰᠦ᠋ᠯᠵᠢᠶ᠎ᠡ ᠶᠢᠨ ᠥᠪᠥᠷ ᠮᠣᠩᠭᠤᠯ ᠤᠨ ᠰᠤᠪᠠᠭ ᠢᠶᠠᠷ ᠳᠠᠭᠠᠭᠠᠨ ᠡᠷᠭᠢᠯᠡᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号