ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠲᠤᠰᠬᠠᠢ  ᠴᠡᠭᠴᠡᠯᠡᠨ ᠵᠠᠰᠠᠨ᠎ᠠ ︽ᠪᠠᠲᠤᠯᠠᠭ᠎ᠠ ᠠᠴᠠ  ᠭᠤᠭᠤᠵᠢᠭᠳᠠᠭᠰᠠᠨ᠂  ᠨᠠᠶᠢᠷ ᠲᠠᠯ᠎ᠠ ᠶᠢᠨ ᠪᠠᠲᠤᠯᠠᠭ᠎ᠠ᠂  ᠬᠠᠷᠢᠴᠠᠭ᠎ᠠ ᠶᠢᠨ  ᠪᠠᠲᠤᠯᠠᠭ᠎ᠠ︾  ᠵᠡᠷᠭᠡ  ᠠᠰᠠᠭᠤᠳᠠᠯ ᠢ ᠴᠢᠩᠭ᠎ᠠ ᠪᠠᠶᠢᠴᠠᠭᠠᠨ᠎ᠠ
ᠨᠡᠶᠢᠲᠡᠯᠡᠭᠰᠡᠨ ᠴᠠᠭ᠄
2019-03-27
        ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ  ᠲᠢᠩᠬᠢᠮ ᠡᠴᠠ‌ᠣᠶᠢᠯᠠᠭᠠᠭᠰᠠᠨ ᠨᠢ᠂ ᠡᠨᠡ ᠵᠢᠯ ᠥᠪᠥᠷ ᠮᠣᠩᠭᠤᠯ  ᠮᠠᠯᠵᠢᠬᠤ  ᠲᠠᠷᠢᠶᠠᠯᠠᠬᠤ  ᠣᠷᠣᠨ ᠤ  ᠠᠮᠢᠳᠤᠷᠠᠯ ᠤᠨ  ᠨᠠᠭᠠᠳᠤ  ᠵᠠᠬ᠎ᠠ ᠶᠢᠨ ᠪᠠᠲᠤᠯᠠᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ  ᠨᠠᠭᠠᠳᠤ  ᠵᠠᠬ᠎ᠠ ᠶᠢᠨ  ᠪᠠᠲᠤᠯᠠᠭ᠎ᠠ ᠶᠢᠨ  ᠲᠤᠰᠬᠠᠶ  ᠵᠦᠢᠯ   ᠳᠤ  ᠣᠷᠣᠰᠢᠵᠤ  ᠪᠠᠶᠢᠭ᠎ᠠ   ᠪᠠᠲᠤᠯᠠᠭ᠎ᠠ   ᠠᠴᠠ ᠭᠤᠭᠤᠵᠢᠭᠳᠠᠭᠰᠠᠨ᠂ ᠨᠠᠶᠢᠷ ᠲᠠᠯ᠎ᠠ ᠶᠢᠨ ᠪᠠᠲᠤᠯᠠᠭ᠎ᠠ᠂ ᠬᠠᠷᠢᠴᠠᠭ᠎ᠠ ᠶᠢᠨ ᠪᠠᠲᠤᠯᠠᠭ᠎ᠠ  ᠵᠡᠷᠭᠡ  ᠠᠰᠠᠭᠤᠳᠠᠯ ᠢ  ᠴᠢᠩᠭ᠎ᠠ ᠪᠠᠶᠢᠴᠠᠭᠠᠨ‌‍ᠰᠢᠶᠳᠪᠦᠷᠢᠯᠡᠨ᠎ᠡ᠃              ᠲᠤᠰ ᠤᠳᠠᠭᠠᠨ ᠤ ᠲᠤᠰᠬᠠᠶ ᠵᠠᠰᠠᠯᠲᠠ ᠶᠢᠨ ᠳᠤᠮᠳᠠ᠂ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ  ᠮᠥᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ  ᠶᠠᠳᠠᠭᠤ ᠠᠴᠠ  ᠠᠩᠭᠢᠵᠢᠷᠠᠭᠤᠯᠬᠤ  ᠪᠣᠭᠤᠮᠲᠠ  ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠤᠮᠳᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠶᠯ ᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ   ᠶᠢ  ᠵᠠᠰᠠᠯᠲᠠ   ᠶᠢᠨ  ᠭᠤᠤᠯᠳᠠᠯᠭ᠎ᠠ  ᠪᠣᠯᠭᠠᠵᠤ᠂ ᠡᠯ᠎ᠡ ᠭᠠᠵᠠᠷ ᠤᠨ ᠶᠠᠳᠠᠭᠤ ᠠᠴᠠ ᠠᠩᠭᠢᠵᠢᠷᠠᠭᠠᠳᠤᠶ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ  ᠬᠦᠴᠢᠷᠳᠡᠯᠲᠡᠶ ᠡᠷᠦᠬᠡ ᠵᠢᠨ‌‍ᠲ᠋ᠣᠲᠣᠷᠠᠬᠢ ᠬᠦᠨᠳᠦ  ᠡᠪᠡᠳᠴᠢᠨ᠂ ᠬᠦᠨᠳᠦ ᠵᠡᠮᠳᠡᠭ  ᠬᠦᠮᠤᠰ ᠢ  ᠴᠠᠭ  ᠲᠤᠬᠠᠶ ᠳᠤᠨᠢ  ᠠᠮᠢᠳᠤᠷᠠᠯ ᠤᠨ  ᠨᠠᠭᠠᠳᠤ  ᠵᠠᠬ᠎ᠠ ᠶᠢᠨ ᠪᠠᠲᠤᠯᠠᠭ᠎ᠠ ᠳᠤ  ᠤᠷᠤᠭᠤᠯᠤᠭᠰᠠᠨ ᠪᠠᠶᠢᠳᠠᠯ᠂ ᠮᠠᠯᠵᠢᠬᠤ  ᠲᠠᠷᠢᠶᠠᠯᠠᠬᠤ ᠣᠷᠣᠨ ᠤ  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠬᠢ ︽ᠪᠠᠲᠤᠯᠠᠭ᠎ᠠ ᠠᠴᠠ ᠭᠤᠭᠤᠵᠢᠭᠳᠠᠭᠰᠠᠨ︾ ᠠᠰᠠᠭᠤᠳᠠᠯ ᠢ  ᠴᠢᠩᠭ᠎ᠠ  ᠪᠠᠶᠢᠴᠠᠭᠠᠨ  ᠰᠢᠢᠳᠪᠤᠷᠢᠯᠡᠵᠦ᠂ ᠡᠯ᠎ᠡ ᠭᠠᠵᠠᠷ ᠤᠨ ᠬᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠬᠢᠯᠡᠨ ᠬᠢᠭᠴᠢ  ᠪᠠ  ᠭᠠᠴᠠᠭ᠎ᠠ ᠲᠣᠰᠬᠤᠨ ᠤ ︵ᠰᠠᠭᠤᠭᠠᠯᠢ ᠠᠷᠠᠳ︶ ᠵᠥᠪᠯᠡᠯ ᠤᠨ ᠺᠠᠳ᠋ᠷᠴᠤᠳ ᠲᠥᠷᠥᠯ ᠰᠠᠳᠤᠨ ᠢᠶᠠᠨ  ᠠᠮᠢᠳᠤᠷᠠᠯ ᠤᠨ ᠨᠠᠭᠠᠳᠤ  ᠵᠠᠬ᠎ᠠ ᠶᠢᠨ  ᠪᠠᠲᠤᠯᠠᠭ᠎ᠠ ᠳᠤ ᠣᠷᠣᠭᠤᠯᠤᠭᠰᠠᠨ ᠪᠠᠶᠢᠳᠠᠯ ᠪᠠᠶᠢᠬᠤ ᠡᠰᠡᠬᠦ ᠶᠢ ᠳᠠᠩᠰᠠᠯᠠᠵᠤ᠂ ᠳᠠᠩᠰᠠ ᠡᠪᠬᠡᠮᠡᠯ ᠢ ᠲᠤᠰᠠᠭᠠᠷ ᠨᠢ ᠬᠠᠳᠠᠭᠠᠯᠠᠵᠤ᠂ ᠭᠤᠣᠯᠳᠠᠯᠭ᠎ᠠ ᠲᠠᠢ ᠰᠤᠭᠤᠴᠢᠨ  ᠪᠠᠶᠢᠴᠠᠭᠠᠵᠤ ᠳᠠᠬᠢᠨ ᠬᠢᠨᠠᠵᠤ᠂ ᠲᠠᠷᠢᠶᠠᠯᠠᠬᠤ  ᠮᠠᠯᠵᠢᠬᠤ  ᠣᠷᠣᠨ   ᠤ  ᠠᠮᠢᠳᠤᠷᠠᠯ ᠤᠨ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠬᠢ ︽ᠨᠠᠶᠢᠷ ᠲᠠᠯ᠎ᠠ ᠶᠢᠨ ᠪᠠᠲᠤᠯᠠᠭ᠎ᠠ︾᠂ ︽ᠬᠠᠷᠢᠴᠠᠭ᠎ᠠ ᠶᠢᠨ ᠪᠠᠲᠤᠯᠠᠭ᠎ᠠ︾ ᠶᠢᠨ  ᠠᠰᠠᠭᠤᠳᠠᠯ ᠢ  ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃              ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ  ᠪᠠᠰᠠ ᠡᠯ᠎ᠡ ᠭᠠᠵᠠᠷ ᠤᠨ ᠪᠠᠯᠠ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠠᠵᠢᠯ ᠥᠷᠨᠢᠭᠦᠯᠦᠭᠰᠡᠨ  ᠪᠠᠶᠢᠳᠠᠯ ᠢ  ᠪᠠᠶᠢᠴᠠᠭᠠᠵᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠭᠤᠷᠠᠶ ᠭᠤᠭᠴᠤᠭ᠎ᠠ  ᠪᠠ  ᠲᠦᠭᠰᠢᠭᠦᠷᠢ ᠶᠢᠨ ᠴᠡᠭ ᠢ ᠡᠷᠢᠵᠦ᠂ ᠪᠠᠯᠠ  ᠮᠥᠩᠭᠦ ᠣᠯᠭᠤᠬᠤ  ᠬᠢᠨᠠᠯᠲᠠ  ᠬᠠᠮᠢᠶᠠᠷᠤᠯᠲᠠ ᠶᠢᠨ  ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠭᠰᠠᠨ ᠥᠬᠡᠶ᠂ ᠴᠠᠭ   ᠲᠤᠬᠠᠶ ᠳᠤᠨᠢ ᠣᠯᠭᠤᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ  ᠪᠠᠶᠢᠴᠠᠭᠠᠵᠤ᠂ ᠮᠠᠯᠵᠢᠬᠤ  ᠲᠠᠷᠢᠶᠠᠯᠠᠬᠤ  ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ  ᠪᠠᠯᠠ  ᠮᠥᠩᠭᠦ ᠶᠢ  ᠱᠠᠮᠰᠢᠵᠤ  ᠡᠵᠡᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠦᠯᠡᠳᠡᠭᠡᠨ ᠠᠪᠴᠤ  ᠳᠠᠯᠳᠠᠭᠤᠷ  ᠬᠤᠪᠢᠶᠠᠯᠴᠠᠭᠰᠠᠨ  ᠵᠡᠷᠭᠡ  ᠠᠰᠠᠭᠤᠳᠠᠯ ᠢ  ᠴᠢᠩᠭ᠎ᠠ  ᠪᠠᠶᠢᠴᠠᠭᠠᠨ ᠰᠢᠶᠳᠪᠦᠷᠢᠯᠡᠨ᠎ᠡ᠃ ᠪᠠᠰᠠ ᠮᠡᠳᠡᠭᠡ ᠵᠠᠩᠭᠢᠵᠢᠯᠲᠠ ᠶᠢᠨ ᠪᠦᠲᠦᠭᠡᠨ  ᠪᠠᠶᠢᠭᠤᠯᠤᠯᠲᠠ ᠶᠢᠨ  ᠪᠠᠶᠢᠳᠠᠯ ᠢ  ᠵᠠᠰᠠᠬᠤ ᠪᠠᠷ  ᠭᠤᠤᠯᠳᠠᠯᠭ᠎ᠠ ᠪᠣᠯᠭᠠᠵᠤ᠂ ᠬᠤᠰᠢᠭᠤ ᠰᠢᠶᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ  ᠪᠠᠲᠤᠯᠠᠭ᠎ᠠ ᠶᠢᠨ  ᠮᠡᠳᠡᠭᠡ  ᠵᠠᠩᠭᠢ ᠶᠢᠨ  ᠰᠢᠰᠲ᠋ᠧᠮ ‍ᠤᠨ‌‍ᠲ᠋ᠤᠭ᠎ᠠ  ᠪᠠᠷᠢᠮᠲᠠ ᠶᠢᠨ  ᠲᠥᠷᠥᠯ  ᠵᠦᠶᠯ ᠢ  ᠲᠠᠭᠯᠠᠨ  ᠮᠡᠳᠡᠭᠦᠯᠦᠭᠰᠡᠨ ᠨᠢ  ᠪᠦᠷᠢᠨ  ᠪᠤᠰᠤ᠂ ᠲᠤᠭ᠎ᠠ  ᠪᠠᠷᠢᠮᠲᠠ ᠶᠢ  ᠪᠢᠴᠢᠨ‌ᠣᠷᠣᠭᠤᠯᠤᠭᠰᠠᠨ ᠨᠢ ᠣᠨᠣᠪᠴᠢ ᠥᠬᠡᠶ᠂ ᠴᠠᠭ ᠲᠤᠬᠠᠶ ᠳᠤᠨᠢ ᠰᠢᠨᠡᠳᠭᠡᠭᠰᠡᠨ ᠦᠭᠡᠢ᠂ ᠰᠢᠰᠲ᠋ᠧᠮ ᠤᠨ  ᠲᠤᠭ᠎ᠠ  ᠪᠠᠷᠢᠮᠲᠠ ᠨᠢ ᠪᠣᠳᠠᠲᠠᠶ ᠪᠠᠯᠠ ᠮᠥᠩᠭᠦ ᠲᠠᠷᠬᠠᠭᠠᠬᠤ ᠲᠤᠭ᠎ᠠ ᠪᠠᠷᠢᠮᠲᠠ ᠲᠠᠢ ᠨᠢᠭᠡᠳᠦᠯ ᠥᠬᠡᠶ ᠪᠠᠶᠢᠬᠤ ᠵᠡᠷᠭᠡ  ᠠᠰᠠᠭᠤᠳᠠᠯ  ᠣᠷᠣᠰᠢᠵᠤ  ᠪᠠᠶᠢᠬᠤ ᠡᠰᠡᠬᠦ ᠶᠢ ᠪᠠᠶᠢᠴᠠᠭᠠᠨ᠎ᠠ᠃              ᠡᠭᠦᠨ ᠠᠴᠠ ᠭᠠᠳᠠᠨ᠎ᠠ᠂ ᠪᠠᠰᠠ  ᠡᠯ᠎ᠡ  ᠭᠠᠵᠠᠷ ᠤᠨ  ᠮᠠᠯᠵᠢᠬᠤ  ᠲᠠᠷᠢᠶᠠᠯᠠᠬᠤ  ᠣᠷᠣᠨ ᠤ  ᠠᠮᠢᠳᠤᠷᠠᠯ ᠤᠨ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠦᠶᠯ ᠤᠨ ᠵᠠᠰᠠᠯᠲᠠ ᠶᠢᠨ ᠠᠵᠢᠯ ᠤᠨ ᠳᠤᠮᠳᠠ ᠬᠡᠯᠪᠡᠷᠢ ᠶᠢᠨ ᠪᠠ ᠮᠢᠯᠢᠶᠠᠵᠦ ᠥᠩᠭᠡᠷᠡᠭᠦᠯᠬᠦ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠴᠢᠩᠭ᠎ᠠ  ᠪᠠᠶᠢᠴᠠᠭᠠᠵᠤ᠂ ᠡᠯ᠎ᠡ  ᠭᠠᠵᠠᠷ ᠤᠨ  ᠮᠠᠯᠵᠢᠬᠤ  ᠲᠠᠷᠢᠶᠠᠯᠠᠬᠤ  ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠠᠷᠲᠠᠨ  ᠭᠦᠶᠴᠡᠳᠬᠡᠬᠦ  ᠠᠵᠢᠯ ᠤᠨ ᠳᠤᠮᠳᠠ  ᠬᠠᠷᠢᠭᠤᠴᠠᠯᠭ᠎ᠠ  ᠡᠭᠦᠷᠭᠡᠯᠡᠬᠦ ᠥᠬᠡᠶ᠂ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠪᠠᠶᠢᠴᠠᠭᠠᠵᠤ᠂ ᠨᠠᠮ ᠢ  ᠪᠥᠬᠦ  ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠠᠵᠢᠯ ᠤᠨ ᠰᠠᠬᠢᠯᠭ᠎ᠠ ᠪᠠᠲᠤ ᠪᠠ ᠣᠯᠠᠨ‌‍ᠲ᠋ᠦ᠋ᠮᠡᠨ ᠤ  ᠰᠠᠬᠢᠯᠭ᠎ᠠ  ᠪᠠᠲᠤ ᠶᠢ  ᠴᠢᠩᠳᠠᠯᠠᠵᠤ᠂  ᠮᠠᠯᠵᠢᠬᠤ  ᠲᠠᠷᠢᠶᠠᠯᠠᠬᠤ  ᠣᠷᠣᠨ ᠤ  ᠠᠮᠢᠳᠤᠷᠠᠯ ᠤᠨ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠳᠤᠮᠳᠠᠬᠢ ︽ᠳᠥᠷᠪᠡᠨ ᠤᠬᠠᠮᠰᠠᠷ︾ ᠴᠢᠩᠭ᠎ᠠ ᠪᠢᠰᠢ᠂ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠭᠰᠠᠨ ᠥᠬᠡᠶ᠂ ᠠᠷᠭ᠎ᠠ ᠬᠡᠮᠵᠢᠶ᠎ᠡ ᠨᠢ ᠣᠨᠣᠪᠴᠢᠲᠠᠶ ᠪᠢᠰᠢ ᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ  ᠠᠰᠠᠭᠤᠳᠠᠯ ᠢ  ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃        ︵ᠤᠮᠠᠷᠠᠳᠤ ᠶᠢᠨ ᠰᠢᠨ᠎ᠡ ᠰᠤᠨᠢᠨ ᠤ ᠰᠤᠷᠪᠤᠯᠵᠢᠯᠠᠭᠴᠢ ᠯᠢᠦ ᠰᠢᠶᠤᠤ ᠵᠢᠶᠦ᠋ᠨ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号