ᠤᠮᠠᠷᠠᠲᠤ ᠶᠢᠨ ᠰᠦᠯᠵᠢᠶᠡᠨ ᠤ ᠮᠡᠳᠡᠭᠡ ︵ᠤᠮᠠᠷᠠᠲᠤ ᠶᠢᠨ ᠰᠢᠨ᠎ᠡ ᠰᠣᠨᠢᠨ ᠤ ᠨᠡᠶᠢᠯᠡᠯ | ᠵᠠᠭᠤᠴᠢᠯᠠᠭᠤᠷ ᠤᠨᠰᠤᠷᠪᠤᠯᠵᠢᠯᠠᠭᠴᠢ ᠮᠠ ᠯᠢ ᠰᠢᠶᠠ︶ ︽ᠮᠢᠨᠤ ᠪᠠᠭ᠎ᠠ ᠶᠢᠨ ᠦᠶ᠎ᠡ ᠶᠢᠨ ᠰᠡᠳᠬᠢᠯ ᠳᠤ | ᠬᠤᠨᠣᠭᠰᠢᠭᠰᠠᠨ ᠨᠣᠮ ᠦᠷᠦᠭᠡ ᠪᠡᠨᠰᠤᠷᠭᠠᠭᠤᠯᠢ ᠳᠤ ᠪᠠᠨ ᠠᠪᠴᠢᠷᠠᠵᠤ᠂ ᠨᠠᠩ ᠣᠯᠠᠨ ᠪᠢᠴᠢᠬᠠᠨ ᠨᠠᠶᠢᠵᠠ ᠨᠠᠷ ᠢ | ᠨᠣᠮ ᠪᠢᠴᠢᠭ ᠲᠠᠢ ᠬᠠᠨᠢᠯᠠᠭᠤᠯᠵᠦ᠂ ᠮᠡᠳᠡᠯᠭᠡ ᠵᠢᠨᠲ᠋ᠠᠯᠠᠢ ᠳᠤ ᠤᠮᠪᠠᠭᠤᠯᠵᠦ᠂ ᠨᠣᠮ ᠤᠩᠰᠢᠬᠤ ᠶᠢᠨ ᠪᠠᠶᠠᠷ | ᠪᠠᠶᠠᠰᠤᠯ ᠢ ᠡᠳ᠋ᠯᠡᠭᠦᠯᠵᠦ᠂ ᠨᠠᠰᠤᠨ ᠲᠤᠷᠰᠢ ᠳᠤ ᠠᠰᠢᠭ ᠬᠦᠷᠲᠡᠭᠡᠶ᠎ᠡ ᠁︾ 3 ᠰᠠᠷ᠎ᠠ ᠶᠢᠨ 26 ᠤ ᠡᠳᠦᠷ᠂ | ᠬᠥᠬᠡᠬᠤᠲᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠵᠢᠨᠰᠤᠷᠤᠭᠴᠢᠳ ᠰᠢᠶᠠᠩᠭᠠᠩ ᠤᠨ ᠵᠣᠴᠢᠨ | ᠠᠷᠢᠭᠤᠨ᠎ᠠ ᠶᠢ ᠤᠭᠲᠤᠨ ᠠᠪᠤᠯ᠎ᠠ᠃ ᠠᠷᠢᠭᠤᠨ᠎ᠠ ᠰᠤᠷᠭᠠᠭᠤᠯᠢ ᠳᠠᠭᠠᠨ ᠮᠣᠩᠭᠤᠯᠬᠡᠯᠡᠨ ᠤ ᠬᠡᠦᠬᠡᠳ ᠤᠨ | ᠤᠳᠬ᠎ᠠ ᠵᠣᠬᠢᠶᠠᠯ ᠤᠨ 360 ᠭᠠᠷᠤᠶ ᠨᠣᠮ ᠤᠨ ᠪᠡᠯᠡᠭ ᠲᠠᠢ ᠢᠷᠡᠭᠡᠳ ︽ᠠᠷᠢᠭᠤᠨ᠎ᠠ ᠶᠢᠨ ᠨᠣᠮ ᠤᠨᠲ᠋ᠠᠯᠪᠢᠭᠤᠷ︾ | ᠢ ᠪᠠᠶᠢᠭᠤᠯᠵᠤ᠂ ᠮᠣᠩᠭᠤᠯ ᠰᠣᠶᠣᠯ ᠢ ᠪᠠᠳᠠᠷᠠᠭᠤᠯᠬᠤ ᠬᠦᠰᠡᠯ ᠤᠨ ᠦᠷ᠎ᠡ ᠪᠠᠨ ᠰᠠᠴᠤᠭᠰᠠᠨ ᠪᠠᠶᠢᠨ᠎ᠠ᠃ | ᠠᠷᠢᠭᠤᠨ᠎ᠠ ᠪᠤᠯ ᠬᠥᠬᠡᠬᠤᠲᠠ ᠳᠤ ᠲᠦᠷᠦᠭᠰᠡᠨ ᠮᠤᠩᠭᠤᠯ ᠬᠡᠤᠬᠡᠨ ᠶᠤᠮ᠃ ᠱᠠᠩᠬᠠᠢ ᠶᠢᠨ ᠡᠳ᠋ ᠤᠨ ᠵᠠᠰᠠᠭ | ᠠᠵᠤᠠᠬᠤᠢ ᠶᠢᠨ ᠶᠡᠭᠡ ᠰᠤᠷᠭᠠᠭᠤᠯᠢ ᠠᠴᠠ ᠠᠮᠧᠷᠢᠺᠠ ᠶᠢᠨ ᠸᠤᠲ᠋ᠤᠨ ᠤ ᠬᠤᠳᠠᠯᠳᠤᠭᠠᠨ ᠤ ᠳᠡᠭᠡᠳᠦ | ᠰᠤᠷᠭᠠᠭᠤᠯᠢ ᠳᠤ ᠰᠢᠯᠭᠠᠨᠣᠷᠣᠵᠤ᠂ ᠲᠡᠭᠦᠰᠦᠭᠰᠡᠨ ᠤ ᠳᠠᠷᠠᠭ᠎ᠠ ᠰᠢᠶᠠᠩᠭᠠᠩ ᠳᠤ ᠨᠤᠲᠤᠭᠰᠢᠨ ᠰᠠᠭᠤᠵᠤ᠂ | ᠮᠥᠩᠭᠦᠨ ᠭᠦᠢᠯᠭᠡᠭᠡᠨ ᠤ ᠦᠢᠯᠡᠰ ᠲᠤ ᠭᠠᠪᠰᠢᠭᠠᠶᠢᠯᠠᠵᠤ ᠶᠠᠪᠤᠨ᠎ᠠ᠃ ᠲᠡᠷᠡ ᠬᠡᠳᠦ᠋ᠢᠪᠡᠷ ᠮᠢᠩᠭᠠᠨ ᠭᠠᠵᠠᠷ ᠤᠨ | ᠠᠯᠤᠰ ᠪᠠᠶᠢᠭ᠎ᠠ ᠪᠣᠯᠪᠠᠴᠤ ᠨᠤᠲᠤᠭ ᠢᠶᠠᠨ ᠶᠡᠭᠡ ᠰᠠᠨᠠᠳᠠᠭᠪᠠᠶᠢᠵᠠᠢ᠃ ᠡᠨᠡ ᠤᠳᠠᠭ᠎ᠠ ᠮᠣᠩᠭᠤᠯ ᠨᠣᠮ ᠪᠢᠴᠢᠭ | ᠬᠠᠨᠳᠢᠪᠯᠠᠬᠤ ᠠᠴᠠ ᠡᠮᠦᠨ᠎ᠡ ᠬᠥᠬᠡᠬᠤᠲᠠ ᠶᠢᠨ ᠦᠨᠳᠦᠰᠦᠲᠡᠨ ᠤᠲ᠋ᠤᠷᠰᠢᠯᠲᠠ ᠶᠢᠨ ᠰᠤᠷᠭᠠᠭᠤᠯᠢ ᠶᠢ ᠲᠣᠭᠤᠷᠢᠨ | ᠦᠵᠡᠵᠦ᠂ ᠰᠤᠷᠤᠭᠴᠢᠳ ᠤᠨ ᠮᠣᠩᠭᠤᠯ ᠬᠡᠯᠡ ᠪᠠᠷ ᠶᠠᠷᠢᠯᠴᠠᠬᠤ ᠶᠢ ᠰᠣᠨᠣᠰᠴᠤ᠂ ᠪᠠᠰᠠ ᠮᠣᠩᠭᠤᠯ ᠭᠡᠷ᠂ ᠤᠷᠭ᠎ᠠ | ᠲᠠᠰᠢᠭᠤᠷ᠂ ᠮᠣᠩᠭᠤᠯ ᠲᠡᠷᠯᠢᠭ ᠵᠡᠷᠭᠡ ᠮᠣᠩᠭᠤᠯ ᠦᠨᠳᠦᠰᠦᠲᠡᠨ ᠲᠠᠢ ᠬᠠᠮᠢᠶ᠎ᠠ ᠪᠦᠬᠦᠢ ᠪᠣᠳᠠᠰ ᠢ ᠦᠵᠡᠭᠡᠳᠰᠡᠳᠬᠢᠯ | ᠳᠣᠭᠳᠣᠯᠵᠤ ᠪᠠᠶᠢᠯ᠎ᠠ᠃ | ︽ᠪᠢ ᠠᠷᠢᠭᠤᠨ᠎ᠠ ᠠᠨᠢᠶ᠎ᠠ ᠶᠢ ᠮᠠᠰᠢ ᠪᠠᠭ᠋ᠠᠷᠬᠠᠵᠤ ᠪᠠᠶᠢᠨ᠎ᠠ᠂ ᠪᠢ ᠲᠡᠳᠡᠭᠡᠷ ᠮᠣᠩᠭᠤᠯ ᠨᠣᠮ ᠢ ᠰᠠᠶᠢᠨ | ᠤᠩᠰᠢᠨ᠎ᠠ᠂ ᠲᠣᠮᠣ ᠪᠣᠯᠤᠭᠰᠠᠨ ᠤ ᠳᠠᠷᠠᠭ᠎ᠠ ᠲᠡᠭᠦᠨ ᠲᠠᠢ ᠠᠳᠠᠯᠢ ᠰᠢᠯᠢᠳᠡᠭ ᠪᠤᠯᠤᠨ᠎ᠠ︾ ᠭᠡᠵᠦ | ᠠᠵᠢᠯᠯᠠᠭ᠎ᠠ ᠶᠢᠨ ᠳᠤᠮᠳᠠ᠂ ᠪᠠᠭ᠎ᠠᠰᠤᠷᠭᠠᠭᠤᠯᠢ ᠶᠢᠨ ᠬᠤᠶᠠᠳᠤᠭᠠᠷ ᠣᠨ ᠤ ᠲᠦᠩ ᠰᠢᠨ ᠶᠠᠷᠢᠵᠤ ᠪᠠᠶᠢᠯ᠎ᠠ᠃ | | ᠠᠷᠢᠭᠤᠨ᠎ᠠ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠭᠦᠨ ᠤ ᠠᠪᠤ ᠡᠵᠢ ᠨᠢ ᠮᠣᠩᠭᠤᠯ ᠬᠢᠲᠠᠳ | ᠬᠡᠯᠡᠨ ᠳ᠋ᠤ᠋ᠨᠡᠪᠲᠡᠷᠡᠭᠰᠡᠨ ᠪᠠᠶᠢᠬᠤ ᠳᠤ ᠲᠡᠷᠡ ᠬᠠᠷᠢᠨ ᠡᠬᠡ ᠬᠡᠯᠡ ᠪᠠᠷ ᠢᠶᠠᠨ ᠶᠠᠷᠢᠵᠤ ᠴᠢᠳᠠᠬᠤ ᠦᠭᠡᠢ᠂ ᠮᠠᠰᠢ | ᠭᠡᠮᠰᠢᠵᠦ ᠪᠠᠶᠢᠨ᠎ᠠ ᠭᠡᠯᠡ᠃ ᠡᠨᠡ ᠤᠳᠠᠭ᠎ᠠ ᠮᠣᠩᠭᠤᠯ ᠨᠣᠮ ᠪᠢᠴᠢᠭ ᠪᠡᠯᠡᠭᠯᠡᠨ ᠬᠦᠷᠭᠡᠭᠰᠡᠨ ᠨᠢ ᠪᠠᠰᠠ ᠴᠤ | ᠥᠪᠡᠷ ᠤᠨ ᠨᠤᠲᠤᠭ ᠤᠰᠤ ᠪᠠᠨ ᠬᠠᠶᠢᠷᠠᠯᠠᠬᠤ ᠪᠠᠦᠨᠳᠦᠰᠦᠲᠡᠨ ᠢᠶᠠᠨ ᠬᠠᠶᠢᠷᠠᠯᠠᠬᠤ ᠨᠢᠭᠡ ᠵᠦᠢᠯ ᠤᠨ ᠢᠯᠡᠷᠬᠡᠶᠢᠯᠡᠯ | ᠪᠣᠯᠤᠨ᠎ᠠ᠃ ᠲᠡᠷᠡ ᠡᠨᠡ ᠶᠠᠪᠤᠳᠠᠯ ᠢ ᠦᠷᠭᠦᠯᠵᠢᠯᠡᠨ ᠬᠢᠵᠦ᠂ᠦᠨᠳᠦᠰᠦᠲᠡᠨ ᠤ ᠰᠤᠷᠭᠠᠨ ᠬᠥᠮᠦᠵᠢᠯ ᠳᠤ ᠥᠪᠡᠷ ᠤᠨ | ᠥᠴᠦᠬᠡᠨ ᠬᠦᠴᠦ ᠪᠠᠨ ᠡᠷᠭᠦᠬᠦ ᠪᠥᠭᠡᠳ ᠮᠣᠩᠭᠤᠯ ᠦᠨᠳᠦᠰᠦᠲᠡᠨ ᠤᠣᠶᠤᠨ ᠤᠬᠠᠭᠠᠨ᠂ ᠦᠭᠡ ᠬᠡᠯᠡ ᠪᠠ | ᠰᠣᠶᠣᠯ ᠢ ᠪᠠᠳᠠᠷᠠᠭᠤᠯᠤᠨ ᠤᠯᠠᠮᠵᠢᠯᠠᠬᠤ ᠪᠠᠷ ᠴᠢᠷᠮᠠᠶᠢᠬᠤ ᠪᠣᠯᠤᠨ᠎ᠠ ᠭᠡᠵᠡᠢ᠃ | | | |