ᠰᠤᠷᠪᠤᠯᠵᠢᠯᠠᠭᠴᠢ 2 ᠳ᠋ᠤᠭᠠᠷ ᠰᠠᠷ᠎ᠠ ᠶᠢᠨ 24 ᠤ ᠡᠳᠦᠷ ᠬᠤᠷᠠᠯᠳᠤᠭᠰᠠᠨ 2019 ᠤᠨ ᠤ | ᠬᠦᠬᠡᠬᠤᠳᠠ ᠶᠢᠨ ᠰᠤᠷᠭᠠᠨ ᠬᠦᠮᠦᠵᠢᠯ ᠤᠨ ᠬᠤᠷᠠᠯ ᠠᠴᠠ ᠤᠶᠢᠯᠠᠭᠠᠭᠰᠠᠨ ᠢᠶᠠᠷ᠂ ᠡᠨᠡ ᠵᠢᠯ ᠬᠦᠬᠡᠬᠤᠳᠠ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠳᠤᠳᠠᠭᠤᠳᠠᠯ ᠲᠠᠢ ᠪᠠᠶᠢᠬᠤ ᠪᠠᠶᠢᠳᠠᠯ ᠢ | ᠨᠦᠬᠦᠪᠦᠷᠢᠯᠡᠬᠦ ᠪᠠᠷ ᠬᠦᠴᠦᠯᠡᠵᠦ᠂ 30 ᠬᠡᠦᠬᠡᠳ ᠤᠨ ᠴᠡᠴᠡᠷᠯᠢᠭ ᠪᠠᠶᠢᠭᠤᠯᠤᠨ᠂ ᠲᠦᠬᠡᠮᠡᠯ ᠬᠠᠷᠠᠭᠠᠯᠵᠠᠯᠳᠤ | ᠬᠡᠦᠬᠡᠳ ᠤᠨ ᠴᠡᠴᠡᠷᠯᠢᠭ ᠤᠨ ᠪᠦᠷᠬᠦᠴᠡ ᠶᠢ 70% ᠠᠴᠠ ᠳᠡᠬᠡᠭᠰᠢ ᠪᠤᠯᠭᠠᠬᠤ ᠪᠠᠷ ᠪᠠᠶᠢᠨ᠎ᠠ᠃ | ᠤᠶᠢᠯᠠᠭᠠᠭᠰᠠᠨ ᠢᠶᠠᠷ᠂ ᠬᠦᠬᠡᠬᠤᠳᠠ᠂ ᠬᠤᠳᠠ ᠶᠢᠨ ᠨᠠᠮ ᠤᠨ ᠬᠤᠷᠢᠶ᠎ᠠ ᠪᠠ ᠬᠤᠳᠠ ᠶᠢᠨ ᠵᠠᠰᠠᠭ ᠤᠨ | ᠤᠷᠳᠤᠨ ᠤ ᠪᠠᠷᠠᠭᠤᠨ ᠬᠡᠰᠡᠭ ᠤᠨ ᠬᠤᠳᠠ ᠳᠤᠭᠤᠷᠢᠭ ᠢ ᠨᠢᠬᠡ ᠴᠤᠭᠴᠠᠵᠢᠭᠤᠯᠤᠨ ᠴᠢᠨᠠᠷ ᠰᠠᠶᠢᠲᠠᠢ ᠬᠦᠭᠵᠢᠬᠦᠯᠬᠦ | ᠰᠤᠷᠭᠠᠨ ᠬᠦᠮᠦᠵᠢᠯ ᠢ ᠬᠦᠭᠵᠢᠬᠦᠯᠬᠦ ᠲᠦᠯᠦᠪᠯᠡᠭᠡ ᠶᠢ ᠭᠤᠤᠯᠳᠠᠯᠭ᠎ᠠ ᠲᠠᠢ ᠳᠤᠭᠤᠰᠢᠯᠠᠭᠤᠯᠵᠤ᠂ 2019 ᠤᠨ ᠳᠤ᠂ | 22.5 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠭᠠᠷᠭᠠᠵᠤ᠂ 25 ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠰᠢᠨ᠎ᠡ ᠪᠠᠷ ᠪᠠᠶᠢᠭᠤᠯᠬᠤ ᠪᠤᠶᠤ ᠰᠢᠨᠡᠳᠬᠡᠨ ᠦᠷᠬᠡᠳᠬᠡᠨ ᠪᠠᠶᠢᠭᠤᠯᠵᠤ᠂ ᠰᠤᠷᠤᠭᠴᠢ | ᠡᠯᠰᠡᠬᠦ ᠳᠤᠭ᠎ᠠ ᠶᠢ 2.9 ᠲᠦᠮᠡ ᠰᠢᠨ᠎ᠡ ᠪᠠᠷ ᠨᠡᠮᠡᠨ᠎ᠡ᠃ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠶᠡᠷᠦᠩᠬᠡᠢ | ᠬᠡᠮᠵᠢᠶ᠎ᠠ ᠶᠢ ᠦᠷᠬᠡᠳᠬᠡᠭᠰᠡᠨ ᠰᠠᠭᠤᠷᠢᠨ ᠳᠡᠬᠡᠷ᠎ᠡ᠂ ᠰᠢᠯᠢᠳᠡᠭ ᠰᠤᠷᠭᠠᠨ ᠬᠦᠮᠦᠵᠢᠯ ᠤᠨ ᠡᠬᠢ ᠪᠠᠶᠠᠯᠢᠭ ᠢᠶᠠᠨ | ᠦᠷᠬᠡᠳᠬᠡᠵᠦ᠂ ︽ᠤᠯᠠᠨ ᠰᠤᠷᠤᠭᠴᠢ ᠲᠠᠢ ᠠᠩᠬᠢ︾᠂ ︽ᠰᠤᠷᠭᠠᠭᠤᠯᠢ ᠰᠤᠩᠭᠤᠬᠤ ᠬᠠᠯᠠᠭᠤᠷᠠᠯ︾ ᠵᠡᠷᠬᠡ | ᠰᠤᠷᠭᠠᠨ ᠬᠦᠮᠦᠵᠢᠯ ᠤᠨ ᠬᠠᠯᠠᠭᠤᠷᠠᠯ᠂ ᠬᠦᠴᠢᠷ ᠲᠦᠪᠡᠭ ᠲᠠᠢ ᠠᠰᠠᠭᠤᠳᠠᠯ ᠳᠤ ᠴᠢᠭᠯᠡᠬᠦᠯᠦᠨ ᠵᠤᠬᠢᠰᠳᠠᠢ ᠠᠷᠭ᠎ᠠ | ᠬᠡᠮᠵᠢᠶ᠎ᠠ ᠠᠪᠴᠤ᠂ 2020 ᠤᠨ ᠪᠤᠯᠳᠠᠯ᠎ᠠ 56 ᠬᠦᠮᠦᠨ ᠠᠴᠠ ᠳᠡᠬᠡᠭᠰᠢ ︽ᠤᠯᠠᠨ ᠰᠤᠷᠤᠭᠴᠢ ᠲᠠᠢ ᠠᠩᠬᠢ︾ | ᠶᠢ ᠪᠦᠬᠦ ᠳᠠᠯ᠎ᠠ ᠪᠠᠷ ᠦᠭᠡᠶᠢᠰᠭᠡᠬᠦ ᠲᠦᠯᠦᠪᠯᠡᠭᠡ ᠳᠤᠭᠳᠠᠭᠠᠵᠤ᠂ ᠬᠦᠬᠡᠬᠤᠳᠠ ᠶᠢᠨ ︽ᠬᠤᠳᠠ ᠬᠦᠳᠡᠭᠡ ᠶᠢᠨ | ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢᠬᠡ ᠴᠤᠭᠴᠠᠵᠢᠭᠤᠯᠬᠤ ᠶᠢ ᠠᠬᠢᠭᠤᠯᠤᠨ ᠴᠢᠨᠠᠷᠯᠢᠭ ᠳᠡᠩᠴᠡᠬᠦᠷᠢᠳᠡᠢ | ᠬᠦᠭᠵᠢᠬᠦᠯᠬᠦ ᠶᠢ ᠲᠦᠷᠬᠡᠳᠬᠡᠨ ᠠᠬᠢᠭᠤᠯᠬᠤ ᠳᠤᠬᠠᠢ ᠬᠡᠷᠡᠭᠵᠢᠬᠦᠯᠬᠦ ᠰᠠᠨᠠᠯ︾ ᠭᠠᠷᠭᠠᠵᠤ᠂ ᠪᠦᠬᠦ ᠬᠤᠳᠠ ᠶᠢᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠢᠶᠠᠨ ᠤ ᠬᠡᠪᠴᠢᠶᠡᠨ ᠳᠤ ᠦᠨᠳᠦᠰᠦᠨ ᠳᠤ ᠪᠠᠨ ᠴᠢᠨᠠᠷᠯᠢᠭ | ᠳᠡᠩᠴᠡᠬᠦᠷᠢᠳᠡᠢ ᠬᠦᠭᠵᠢᠬᠦ ᠶᠢ ᠠᠬᠢᠭᠤᠯᠤᠨ᠎ᠠ᠃ | ᠡᠬᠦᠨ ᠠᠴᠠ ᠭᠠᠳᠠᠨ᠎ᠠ᠂ ︽ᠬᠤᠳᠠ ᠪᠠᠯᠭᠠᠰᠤ ᠶᠢᠨ ᠪᠠᠭ᠎ᠠ ᠳᠤᠭᠤᠷᠢᠭ ᠤᠨ ᠲᠦᠬᠦᠷᠵᠢᠭᠰᠡᠨ ᠬᠡᠦᠬᠡᠳ ᠤᠨ | ᠴᠡᠴᠡᠷᠯᠢᠭ ᠢ ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠳᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠬᠡᠷ ᠤᠨ ᠮᠡᠳᠡᠭᠳᠡᠯ︾ ᠶᠤᠰᠤᠭᠠᠷ᠂ ᠬᠦᠬᠡᠬᠤᠳᠠ ᠶᠢᠨ ᠰᠤᠷᠭᠠᠨ ᠬᠦᠮᠦᠵᠢᠯ ᠤᠨ ᠬᠤᠷᠠᠯ ᠠᠴᠠ᠂ ᠬᠦᠬᠡᠬᠤᠳᠠ ᠶᠢᠨ | ᠡᠯ᠎ᠠ ᠬᠤᠰᠢᠭᠤ ᠰᠢᠶᠠᠨ ᠬᠤᠳᠠ ᠪᠠᠯᠭᠠᠰᠤ ᠶᠢᠨ ᠪᠠᠭ᠎ᠠ ᠳᠤᠭᠤᠷᠢᠭ ᠤᠨ ᠲᠦᠬᠦᠷᠵᠢᠭᠰᠡᠨ ᠬᠡᠦᠬᠡᠳ ᠤᠨ ᠴᠡᠴᠡᠷᠯᠢᠭ ᠢ | ᠴᠡᠭᠴᠡᠯᠡᠨ ᠵᠠᠰᠠᠬᠤ ᠠᠵᠢᠯ ᠦᠷᠨᠢᠬᠦᠯᠬᠦ ᠶᠢ ᠱᠠᠭᠠᠷᠳᠠᠵᠤ᠂ ᠱᠠᠭᠠᠷᠳᠠᠯᠭ᠎ᠠ ᠶᠤᠰᠤᠭᠠᠷ ᠤᠷᠤᠨ ᠰᠠᠭᠤᠴᠠ ᠶᠢᠨ ᠪᠠᠭ᠎ᠠ | ᠳᠤᠭᠤᠷᠢᠭ ᠤᠨ ᠲᠦᠬᠦᠷᠵᠢᠭᠰᠡᠨ ᠬᠡᠦᠬᠡᠳ ᠤᠨ ᠴᠡᠴᠡᠷᠯᠢᠭ ᠤᠨ ᠪᠠᠶᠢᠳᠠᠯ ᠢ ᠳᠤᠭᠤᠰᠢᠳᠠᠢ ᠤᠶᠢᠯᠠᠭᠠᠵᠤ᠂ ᠬᠠᠮᠢᠶ᠎ᠠ | ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠦᠬᠦᠷᠵᠢᠭᠰᠡᠨ ᠬᠡᠦᠬᠡᠳ ᠤᠨ ᠴᠡᠴᠡᠷᠯᠢᠭ ᠢ ᠲᠦᠯᠦᠪᠵᠢᠬᠦᠯᠬᠦ᠂ | ᠪᠦᠳᠦᠬᠡᠨ ᠪᠠᠶᠢᠭᠤᠯᠬᠤ᠂ ᠰᠢᠯᠵᠢᠬᠦᠯᠦᠨ ᠳᠤᠰᠢᠶᠠᠬᠤ᠂ ᠴᠡᠴᠡᠷᠯᠢᠭ ᠡᠷᠬᠢᠯᠡᠬᠦ ᠵᠡᠷᠬᠡ ᠶᠢ ᠴᠡᠭᠴᠡᠯᠡᠨ ᠵᠠᠰᠠᠬᠤ ᠠᠵᠢᠯ ᠢ | ᠦᠷᠨᠢᠬᠦᠯᠵᠦ᠂ ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠲᠦᠬᠡᠮᠡᠯ ᠬᠠᠷᠠᠭᠠᠯᠵᠠᠯᠳᠤ ᠬᠡᠦᠬᠡᠳ ᠤᠨ | ᠴᠡᠴᠡᠷᠯᠢᠭ ᠤᠨ ᠡᠬᠢ ᠪᠠᠶᠠᠯᠢᠭ ᠢ ᠦᠷᠬᠡᠳᠬᠡᠬᠦ ᠬᠡᠷᠡᠭᠳᠡᠢ ᠬᠡᠵᠦ ᠱᠠᠭᠠᠷᠳᠠᠪᠠ᠃ ᠬᠦᠬᠡᠬᠤᠳᠠ ᠪᠠᠰᠠ ᠭᠤᠷᠪᠠᠳᠤᠭᠠᠷ | ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯᠯᠠᠭᠠᠨ ᠤ | ᠲᠦᠯᠦᠪᠯᠡᠭᠡ ᠶᠢ ᠬᠡᠷᠡᠭᠵᠢᠬᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠭᠤᠤᠯ ᠴᠤᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠬᠢᠯᠡᠬᠦ ᠶᠢ | ᠵᠢᠷᠤᠮᠵᠢᠭᠤᠯᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠢᠳᠡᠪᠬᠢᠳᠡᠢ ᠳᠡᠮᠵᠢᠵᠦ ᠲᠦᠬᠡᠮᠡᠯ | ᠬᠠᠷᠠᠭᠠᠯᠵᠠᠯᠳᠤ ᠦᠢᠯᠡᠴᠢᠯᠡᠭᠡ ᠬᠠᠩᠭᠠᠵᠤ᠂ ᠲᠦᠬᠡᠮᠡᠯ ᠬᠠᠷᠠᠭᠠᠯᠵᠠᠯᠳᠤ ᠬᠡᠦᠬᠡᠳ ᠤᠨ ᠴᠡᠴᠡᠷᠯᠢᠭ ᠤᠨ ᠲᠦᠷᠦ ᠶᠢᠨ | ᠪᠤᠳᠤᠯᠭ᠎ᠠ ᠶᠢᠨ ᠳᠡᠮᠵᠢᠯᠬᠡ ᠶᠢ ᠳᠡᠬᠦᠯᠳᠡᠷᠵᠢᠬᠦᠯᠬᠦ ᠪᠠᠷ ᠪᠠᠶᠢᠨ᠎ᠠ᠃ |