ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠬᠦᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠲᠣᠮᠣ ᠳ᠋ᠠᠶᠢᠲ᠋ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠦ᠂ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠪᠠᠷᠢᠮᠵᠢᠶᠠᠲᠤ ᠵᠢᠷᠤᠮᠵᠢᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠦᠨᠡᠯᠡᠬᠦ ᠰᠢᠰᠲ᠋ᠧᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠲᠣᠭᠠᠴᠢᠯᠠᠭᠰᠠᠨ ᠵᠠᠰᠠᠭ ᠤᠨ ᠣᠷᠳᠣᠨ︾᠂ ︽ᠤᠶᠤᠨᠲᠤ ᠬᠤᠲᠠ︾ ᠪᠠ ︽ᠲᠣᠭᠠᠴᠢᠯᠠᠭᠰᠠᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ︵ᠬᠤᠶᠠᠷ︶ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠵᠤ᠂ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠵᠣᠬᠢᠴᠠᠭᠤᠯᠭ᠎ᠠ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠤᠨ ᠬᠦᠷᠢᠶᠡᠨ ᠤ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠵᠤ᠂ ᠪᠦᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠵᠡᠷᠭᠡ ᠨᠢᠭᠡᠳᠦᠯᠲᠡᠢ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠣᠬᠢᠴᠠᠭᠤᠯᠭ᠎ᠠ᠂ ᠬᠠᠮᠢᠶᠠᠷᠤᠯᠲᠠ ᠶᠢ ᠬᠠᠷᠢᠭᠤᠴᠠᠵᠤ᠂ ᠲᠤᠭ᠎ᠠ ᠪᠠᠷᠢᠮᠲᠠ ᠶᠢᠨ ᠲᠥᠪ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠡᠷᠴᠢᠮᠵᠢᠭᠦᠯᠦᠨ ᠠᠰᠢᠭᠯᠠᠬᠤ ᠶᠢ ᠬᠠᠷᠢᠭᠤᠴᠠᠨ᠎ᠠ︔ ᠪᠤᠰᠤᠳ ᠬᠦᠷᠢᠶ᠎ᠡ ᠴᠠᠷᠠᠭᠠᠨ ᠤ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃      ︵ᠭᠤᠷᠪᠠ︶ ᠪᠦᠬᠦ ᠬᠤᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠤᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠥᠷᠢᠨᠰᠢᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠪᠠ ᠨᠡᠶᠢᠭᠡᠮ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠢᠶᠠᠷᠴᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠤᠨ ᠬᠤᠷᠠᠮᠳᠤᠭᠤᠯᠬᠤ ᠶᠢ ᠠᠬᠢᠭᠤᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠥᠷᠢᠨᠰᠢᠭᠦᠯᠥᠨ᠂ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠰᠤᠷᠪᠤᠯᠵᠢ ᠶᠢ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠪᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠪᠴᠠᠩ ᠢ ᠪᠥᠷᠢᠨᠰᠢᠭᠦᠯᠥᠨ᠂ ᠵᠠᠰᠠᠭ ᠤᠨ ᠶᠠᠪᠤᠳᠠᠯ᠂ ᠠᠷᠠᠳ ᠤᠨ ᠠᠮᠢᠳᠤᠷᠠᠯ᠂ ᠠᠵᠤ ᠦᠢᠯᠡᠰ ᠤᠨ ᠬᠦᠷᠢᠶᠡᠨ ᠳᠠᠬᠢ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠨᠵᠡᠭᠡᠶ ᠨᠡᠭᠡᠭᠡᠨ ᠠᠰᠢᠭᠯᠠᠬᠤ ᠪᠠ ᠬᠠᠮᠲᠤ ᠪᠠᠷ ᠬᠦᠷᠲᠡᠬᠦ ᠨᠡᠭᠡᠭᠡᠯᠲᠡ ᠶᠢ ᠠᠬᠢᠭᠤᠯᠤᠨ᠎ᠠ᠃      ︵ᠳᠥᠷᠪᠡ︶ ᠪᠥᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠢᠯ ᠢ ᠦᠨᠡᠯᠡᠨ ᠵᠢᠱᠢᠵᠦ ᠰᠢᠯᠭᠠᠨ ᠬᠢᠨᠠᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠠᠬᠢᠭᠤᠯᠤᠨ᠎ᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡᠳᠦᠯᠲᠡᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠤᠨ ᠰᠢᠢᠳᠪᠦᠷᠢᠲᠦ ᠪᠣᠳᠣᠯᠭ᠎ᠠ ᠳᠤ ᠲᠤᠭ᠎ᠠ ᠪᠠᠷᠢᠮᠲᠠ ᠶᠢᠨ ᠦᠢᠯᠡᠴᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠵᠠᠭᠪᠤᠷ ᠢ ᠰᠢᠨᠡᠴᠢᠯᠡᠬᠦ ᠶᠢ ᠠᠬᠢᠭᠤᠯᠤᠨ᠂ ︽ᠲᠣᠭᠠᠴᠢᠯᠠᠭᠰᠠᠨ ᠵᠠᠰᠠᠭ ᠤᠨ ᠣᠷᠳᠣᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠪᠦᠬᠦ ᠬᠤᠲᠠ ᠶᠢᠨ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠪᠠ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠲᠣᠭᠲᠠᠭᠠᠬᠤ ᠪᠠ ᠨᠠᠶᠢᠳᠠᠪᠤᠷᠢᠵᠢᠭᠤᠯᠵᠦ᠂ ᠲᠤᠭ᠎ᠠ ᠪᠠᠷᠢᠮᠲᠠ ᠪᠠᠷ ᠵᠠᠩᠭᠢᠯᠠᠭ᠎ᠠ ᠶᠢᠨ ᠬᠦᠴᠦᠨ ᠵᠦᠢᠯ ᠢᠶᠠᠨ ᠪᠣᠯᠭᠠᠭᠰᠠᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ ᠬᠢᠭᠡᠳ ᠡᠭᠦᠯᠡᠨ ᠪᠣᠳᠣᠯᠲᠠ᠂ ᠪᠣᠳᠠᠰ ᠤᠨ ᠬᠤᠯᠪᠣᠭᠠᠨ ᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠪᠠᠷ ᠪᠤᠢ ᠪᠣᠯᠤᠭᠰᠠᠨ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠎ᠠ᠃ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃      ︵ᠵᠢᠷᠭᠤᠭ᠎ᠠ︶ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮᠵᠢ ᠶᠢᠨ ᠪᠦᠲᠦᠭᠡᠨ  ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ᠂ ᠣᠯᠠᠨ ᠨᠡᠶᠢᠲᠡ ᠶᠢᠨ ᠲᠤᠭ᠎ᠠ ᠪᠠᠷᠢᠮᠲᠠ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠠᠶᠤᠯᠭᠦᠢ ᠶᠢ ᠪᠠᠲᠤᠯᠠᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠳᠣᠯᠤᠭ᠎ᠠ︶ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠬᠦᠷᠢᠶ᠎ᠡ ᠴᠠᠷᠠᠭ᠎ᠠ ᠶᠢᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠲᠣᠮᠣ ᠳ᠋ᠠᠶᠢᠲ᠋ᠠ ᠶᠢᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠯᠪᠣᠭᠠᠲᠤ ᠪᠠᠶᠢᠭᠤᠯᠤᠮᠵᠢ ᠶᠢᠨ ᠠᠵᠢᠯ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ᠂ ᠬᠥᠮᠦᠵᠢᠭᠦᠯᠦᠨ ᠪᠣᠯᠪᠠᠰᠤᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃      ︵ᠨᠠᠢᠮᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号