ᠬᠦᠬᠡᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠤᠯᠤᠰ | ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠦᠯᠢᠶᠡᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠦᠷᠢᠮ ᠪᠠ ᠢᠵᠢ ᠪᠦᠷᠢᠳᠦᠭᠦᠯᠦᠭᠰᠡᠨ | ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ᠃ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠠᠵᠢᠯ ᠳᠠᠬᠢ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠬᠦ | ᠶᠢᠨ ᠬᠠᠮᠲᠤ ᠲᠥᠷᠦ ᠶᠢᠨ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠤᠨ᠎ᠠ᠃ ᠨᠡᠶᠢᠲᠡ ᠶᠢᠨ ᠡᠬᠢ ᠪᠠᠶᠠᠯᠢᠭ | ᠤᠨ ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ | ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠰᠠᠭᠤᠨ ᠯᠠᠪᠯᠠᠵᠤ ᠪᠣᠯᠪᠠᠰᠤᠷᠠᠭᠤᠯᠤᠯ ᠤᠨ ᠠᠵᠢᠯ ᠢ | ᠲᠦᠷᠦᠭᠦᠯᠡᠨ ᠵᠣᠬᠢᠶᠠᠨ ᠪᠠᠶᠢᠭᠤᠯᠤᠨ᠎ᠠ᠃ | ︵ᠬᠤᠶᠠᠷ︶ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ | ᠬᠠᠤᠯᠢ ᠶᠣᠰᠣᠭᠠᠷ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠬᠤᠲᠠ ᠶᠢᠨ ᠱᠠᠲᠤᠨ ᠤ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠢ ᠲᠤᠭᠤᠷᠪᠢᠨ ᠲᠣᠭᠲᠠᠭᠠᠨ᠎ᠠ᠃ ᠬᠠᠤᠯᠢ ᠶᠣᠰᠣᠭᠠᠷ | ᠡᠷᠬᠡᠪᠰᠢ ᠳᠠᠭᠠᠭᠠᠴᠢᠯᠠᠯᠲᠠ ᠵᠠᠷᠯᠠᠬᠤ ᠶᠣᠰᠣᠲᠠᠶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠠᠪᠤᠴᠠ ᠳᠤ | ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠭᠡᠷ᠎ᠡ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠬᠦ᠂ ᠬᠢᠨᠠᠯᠲᠠ | ᠲᠠᠯᠪᠢᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ | ᠤ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠨᠡᠶᠢᠲᠡ ᠶᠢᠨ | ᠡᠬᠢ ᠪᠠᠶᠠᠯᠢᠭ ᠤᠨ ᠠᠵᠢᠯᠯᠠᠭ᠎ᠠ ᠶᠢᠨ ᠵᠠᠭᠠᠯᠳᠤᠯᠭ᠎ᠠ ᠪᠠ ᠰᠡᠵᠢᠭᠯᠡᠯ ᠢ ᠬᠦᠯᠢᠶᠡᠨ ᠠᠪᠴᠤ ᠰᠢᠢᠳᠪᠦᠷᠢᠯᠡᠨ᠎ᠡ᠃ | ︵ᠭᠤᠷᠪᠠ︶ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ | ᠠᠷᠠᠯᠵᠢᠶᠠᠨ ᠤ ᠠᠵᠢᠯᠯᠠᠭ᠎ᠠ ᠶᠢ ᠬᠠᠷᠢᠭᠤᠴᠠᠨ ᠵᠢᠯᠣᠭᠤᠳᠴᠤ᠂ ᠳᠠᠭᠠᠭᠠᠴᠢᠯᠠᠯᠲᠠ ᠵᠠᠷᠯᠠᠬᠤ ᠲᠥᠷᠥᠯ ᠵᠦᠶᠯ ᠳᠤ | ᠲᠠᠰᠢᠷᠠᠮ ᠳᠠᠭᠠᠤ ᠰᠤᠭᠤᠴᠢᠨ ᠪᠠᠶᠢᠴᠠᠭᠠᠯᠲᠠ ᠥᠷᠨᠢᠭᠦᠯᠦᠨ᠎ᠡ︔ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠤᠨ ᠠᠷᠠᠯᠵᠢᠶᠠᠨ ᠤ ᠲᠥᠷᠥᠯ ᠵᠦᠢᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ | ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠶᠴᠡᠳᠬᠡᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠯᠣᠭᠤᠳᠬᠤ ᠪᠠ ᠬᠠᠮᠢᠶᠠᠷᠬᠤ ᠶᠢ ᠬᠠᠷᠢᠭᠤᠴᠠᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠳᠠᠭᠠᠭᠠᠴᠢᠯᠠᠯᠲᠠ ᠵᠠᠷᠯᠠᠬᠤ ᠠᠴᠠ ᠡᠮᠦᠨᠡᠬᠢ ᠬᠢᠨᠠᠨ ᠵᠥᠪᠰᠢᠶᠡᠷᠡᠬᠦ ᠪᠠ ᠳᠠᠭᠠᠭᠠᠴᠢᠯᠠᠯᠲᠠ ᠵᠠᠷᠯᠠᠭᠰᠠᠨ ᠤ ᠳᠠᠷᠠᠭᠠᠬᠢ | ᠭᠡᠷ᠎ᠡ ᠪᠠᠨ ᠭᠦᠶᠴᠡᠳᠬᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠪᠠᠶᠢᠴᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠲᠡ ᠶᠢᠨ ᠡᠬᠢ ᠪᠠᠶᠠᠯᠢᠭ ᠢ | ᠠᠷᠠᠯᠵᠢᠶᠠᠯᠠᠬᠤ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠠᠤᠯᠢ | ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ | ︵ᠳᠥᠷᠪᠡ︶ ᠪᠥᠬᠦ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠲᠠᠯᠪᠢᠬᠤ᠂ | ᠬᠠᠮᠢᠶᠠᠷᠬᠤ ᠪᠠ ᠦᠶᠯᠡᠴᠢᠯᠡᠬᠦ ᠲᠠᠪᠴᠠᠩ ᠢ ᠲᠦᠷᠦᠭᠦᠯᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ | ᠠᠷᠠᠯᠵᠢᠶ᠎ᠠ ᠶᠢᠨ ᠮᠡᠳᠡᠭᠡ ᠵᠠᠩᠭᠢ᠂ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠵᠡᠷᠭᠡ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠨ᠂ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢᠴᠢᠯᠠᠯᠠᠳᠠ ᠶᠢ ᠠᠬᠢᠭᠤᠯᠤᠨ᠎ᠠ᠃ | ︵ᠲᠠᠪᠤ︶ ᠪᠥᠬᠦ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ | ᠰᠢᠰᠲ᠋ᠧᠮᠵᠢ ᠶᠢ ᠲᠦᠷᠦᠭᠦᠯᠡᠨ ᠪᠠᠶᠢᠭᠤᠯᠬᠤ ᠶᠢ ᠬᠠᠷᠢᠭᠤᠴᠠᠨ᠎ᠠ︔ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ | ᠵᠠᠷᠯᠠᠬᠤ ᠶᠢ ᠣᠷᠣᠯᠠᠬᠤ ᠪᠠᠶᠢᠭᠤᠯᠤᠮᠵᠢ᠂ ᠪᠠᠯᠠ ᠣᠷᠣᠭᠤᠯᠤᠭᠴᠢ᠂ ᠳᠠᠭᠠᠭᠠᠴᠢᠯᠠᠯᠲᠠ ᠦᠨᠡᠯᠡᠬᠦ ᠲᠤᠰᠬᠠᠶ | ᠮᠡᠷᠭᠡᠵᠢᠯᠲᠡᠨ ᠤ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠂ ᠠᠷᠠᠯᠵᠢᠶᠠᠨ ᠤ ᠭᠤᠤᠯ ᠴᠣᠭᠴᠠ ᠶᠢᠨ | ᠢᠲᠡᠭᠡᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠬᠢᠨᠠᠨ ᠰᠢᠯᠭᠠᠵᠤ | ᠦᠨᠡᠯᠡᠬᠦ ᠶᠢ ᠥᠷᠨᠢᠭᠦᠯᠦᠨ᠎ᠡ︔ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠤ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ | ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢ ᠴᠠᠭ ᠲᠤᠬᠠᠢ ᠳᠤ ᠨᠢ ᠢᠯᠡᠴᠢᠯᠡᠨ ᠨᠡᠶᠢᠲᠡ ᠳᠤ ᠵᠠᠷᠯᠠᠨ᠎ᠠ᠃ | ︵ᠵᠢᠷᠭᠤᠭ᠎ᠠ︶ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ | ᠶᠢᠨ ᠬᠠᠮᠢᠶᠠᠷᠤᠯᠲᠠ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ | ᠬᠠᠮᠵᠢᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠳᠤ ᠪᠣᠯᠪᠠᠰᠤᠷᠠᠭᠤᠯᠤᠯ ᠪᠠ ᠰᠢᠯᠭᠠᠨ ᠲᠣᠭᠲᠠᠭᠠᠯᠲᠠ ᠬᠢᠵᠦ᠂ | ᠬᠤᠲᠠ ᠶᠢᠨ ᠱᠠᠲᠤᠨ ᠤ ᠠᠷᠠᠯᠵᠢᠶᠠᠨ ᠤ ᠲᠠᠪᠴᠠᠩ ᠤᠨ ᠲᠤᠲᠤᠭᠠᠳᠤᠬᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ | ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠶᠳᠪᠦᠷᠢᠯᠡᠨ᠎ᠡ᠃ | ︵ᠳᠣᠯᠤᠭ᠎ᠠ︶ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ | ᠶᠢᠨ ᠺᠣᠮᠢᠰ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠨᠠᠶᠮᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ | ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |