︵ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ | ᠲᠣᠭᠤᠷᠢᠭ ᠤᠨ ᠪᠠᠷᠠᠭᠤᠨ ᠬᠡᠰᠡᠭ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠲᠠ ᠶᠢᠨ | ᠲᠣᠭᠤᠷᠢᠭ ᠤᠨ ᠪᠠᠷᠠᠭᠤᠨ ᠬᠡᠰᠡᠭ ᠤᠨ ᠢᠷᠡᠭᠡᠳᠦᠢ ᠶᠢᠨ ᠬᠤᠲᠠ ᠶᠢᠨ ᠬᠥᠭᠵᠢᠯᠲᠡ ᠳᠠᠬᠢ ᠪᠠᠶᠢᠯᠳᠤᠬᠤ | ᠪᠣᠳᠣᠯᠭ᠎ᠠ ᠶᠢᠨ ᠲᠣᠭᠲᠠᠭᠠᠯᠲᠠ᠂ ᠣᠷᠣᠨ ᠵᠠᠢ ᠶᠢᠨ ᠪᠠᠶᠢᠷᠢᠰᠢᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ | ᠪᠠ ᠬᠥᠮᠦᠨ ᠠᠮᠠ ᠶᠢᠨ ᠳᠠᠭᠠᠭᠠᠴᠠ ᠵᠡᠷᠭᠡ ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ᠎ᠠ᠃ | ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠦᠰᠢᠭ ᠤᠨ | ᠰᠢᠰᠲ᠋ᠧᠮᠵᠢ ᠪᠣᠯᠣᠨ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ | ︵ᠬᠤᠶᠠᠷ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠣᠷᠣᠨ ᠪᠦᠰᠡ ᠶᠢᠨ ᠠᠵᠤ | ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠣᠷᠣᠨ ᠵᠠᠢ ᠶᠢᠨ ᠲᠥᠯᠥᠪᠵᠢᠭᠦᠯᠭᠡ ᠵᠡᠷᠭᠡ ᠲᠤᠰᠬᠠᠢ ᠲᠥᠷᠥᠯ ᠤᠨ ᠲᠥᠯᠥᠪᠵᠢᠭᠦᠯᠭᠡ ᠶᠢ | ᠨᠠᠶᠢᠷᠠᠭᠤᠯᠬᠤ ᠳᠤ ᠣᠷᠣᠯᠴᠠᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠭᠤᠣᠯᠳᠠᠯᠭ᠎ᠠ ᠲᠠᠢ ᠣᠷᠣᠨ | ᠪᠦᠰᠡ᠂ ᠴᠢᠬᠤᠯᠠ ᠭᠤᠭᠴᠤᠭ᠎ᠠ᠂ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠵᠢᠷᠤᠭ | ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠬᠤ ᠳᠤ ᠣᠷᠣᠯᠴᠠᠨ᠎ᠠ᠃ | ︵ᠭᠤᠷᠪᠠ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠴᠢᠬᠤᠯᠠ ᠶᠡᠭᠡ ᠲᠥᠷᠥᠯ ᠵᠦᠢᠯ ᠤᠨ | ᠪᠡᠯᠡ ᠣᠷᠤᠭᠤᠯᠤᠯᠲᠠ ᠶᠢᠨ ᠠᠵᠢᠯ ᠢ ᠠᠬᠢᠭᠤᠯᠬᠤ᠂ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠪᠠ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠣᠯᠣᠭᠠᠶᠢᠯᠠᠨ ᠬᠢᠵᠦ᠂ ᠴᠢᠬᠤᠯᠠ ᠶᠡᠭᠡ ᠲᠥᠷᠥᠯ ᠵᠦᠢᠯ ᠢ ᠵᠣᠬᠢᠴᠠᠭᠤᠯᠤᠨ | ᠬᠠᠮᠢᠶᠠᠷᠬᠤ ᠪᠠ ᠬᠢᠨᠠᠯᠲᠠ ᠲᠠᠯᠪᠢᠨ ᠬᠢᠨᠠᠨ ᠰᠢᠯᠭᠠᠬᠤ ᠶᠢ ᠬᠠᠷᠢᠭᠤᠴᠠᠨ᠎ᠠ᠃ | ︵ᠳᠥᠷᠪᠡ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠲᠥᠯᠥᠪᠵᠢᠭᠦᠯᠭᠡ ᠪᠦᠲᠦᠭᠡᠨ | ᠪᠠᠶᠢᠭᠤᠯᠤᠯᠲᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠪᠡᠯᠡ ᠮᠥᠩᠭᠦ᠂ ᠬᠡᠷᠡᠭᠯᠡᠬᠦ | ᠭᠠᠵᠠᠷ ᠤᠨ ᠪᠠᠲᠤᠯᠠᠭ᠎ᠠ ᠵᠡᠷᠭᠡ ᠴᠢᠬᠤᠯᠠ ᠶᠡᠭᠡ ᠤᠴᠢᠷ ᠶᠠᠪᠤᠳᠠᠯ ᠢ ᠲᠣᠯᠣᠭᠠᠶᠢᠯᠠᠨ ᠵᠣᠬᠢᠴᠠᠭᠤᠯᠤᠨ᠎ᠠ᠃ ᠬᠤᠲᠠ ᠶᠢᠨ | ᠲᠣᠭᠤᠷᠢᠭ ᠤᠨ ᠪᠠᠷᠠᠭᠤᠨ ᠬᠡᠰᠡᠭ ᠤᠨ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠬᠤ ᠠᠵᠢᠯ ᠤᠨ | ᠲᠣᠭᠲᠠᠴᠠ ᠶᠢ ᠲᠣᠯᠣᠭᠠᠶᠢᠯᠠᠨ ᠪᠠᠶᠢᠭᠤᠯᠤᠨ ᠪᠦᠷᠢᠨᠰᠢᠭᠦᠯᠵᠦ᠂ ᠠᠵᠤ ᠦᠢᠯᠡᠰ ᠤᠨ ᠴᠢᠳᠠᠮᠵᠢ ᠶᠢᠨ ᠣᠷᠣᠨ ᠤ ᠠᠵᠤ | ᠦᠢᠯᠡᠰᠵᠢᠭᠰᠡᠨ ᠲᠥᠷᠥᠯ ᠵᠦᠢᠯ ᠤᠨ ᠪᠡᠯᠡ ᠣᠷᠤᠭᠤᠯᠤᠯᠲᠠ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ ᠠᠵᠤ ᠦᠢᠯᠡᠰᠵᠢᠭᠰᠡᠨ ᠲᠥᠷᠥᠯ ᠵᠦᠢᠯ ᠤᠨ ᠦᠨᠡᠯᠡᠨ ᠵᠢᠱᠢᠬᠦ᠂ ᠣᠷᠣᠬᠤ ᠶᠢ ᠵᠥᠪᠰᠢᠶᠡᠷᠡᠬᠦ᠂ | ᠭᠠᠵᠠᠷ ᠰᠣᠩᠭᠤᠬᠤ ᠪᠠ ᠰᠢᠯᠵᠢᠭᠦᠯᠦᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠣᠭᠤᠷᠢᠭ ᠤᠨ | ᠪᠠᠷᠠᠭᠤᠨ ᠬᠡᠰᠡᠭ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠪᠡᠯᠡᠳᠬᠡᠮᠵᠢ ᠵᠡᠷᠭᠡ ᠡᠬᠢ ᠪᠠᠶᠠᠯᠢᠭ ᠤᠨ ᠵᠦᠷᠢᠶᠡᠳᠦ | ᠲᠠᠷᠬᠠᠯᠲᠠ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠣᠯᠣᠭᠠᠶᠢᠯᠠᠨ ᠵᠣᠬᠢᠴᠠᠭᠤᠯᠤᠨ᠎ᠠ᠃ | ︵ᠲᠠᠪᠤ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠢ ᠤᠬᠠᠭᠤᠯᠤᠨ ᠲᠠᠨᠢᠯᠴᠠᠭᠤᠯᠬᠤ ᠪᠠ ᠲᠥᠷᠥᠯ | ᠲᠡᠮᠳᠡᠭ ᠢ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |