ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠬᠦᠬᠡᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠣᠪᠴᠢᠶ᠎ᠠ ᠨᠢ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠦ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ᠃      ︵ᠬᠤᠶᠠᠷ︶ ᠪᠦᠬᠦ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠥᠭᠵᠢᠯᠲᠡ ᠶᠢᠨ ᠬᠠᠨᠳᠤᠰᠢ ᠶᠢ ᠵᠠᠳᠠᠯᠤᠨ ᠰᠤᠳᠤᠯᠵᠤ᠂ ᠬᠠᠮᠢᠶ᠎ᠠ ᠪᠦᠬᠦᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃      ︵ᠭᠤᠷᠪᠠ︶ ᠪᠦᠬᠦ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠪᠦᠬᠦ ᠬᠤᠲᠠ  ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠠᠯᠲᠠ ᠡᠭᠦᠷᠭᠡ ᠶᠢ ᠬᠤᠪᠢᠶᠠᠷᠢᠯᠠᠨ ᠪᠠᠭᠤᠯᠭᠠᠵᠤ᠂ ᠴᠢᠬᠤᠯᠠ ᠶᠡᠭᠡ ᠠᠵᠢᠯᠯᠠᠭ᠎ᠠ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ᠂ ᠬᠢᠨᠠᠯᠲᠠ ᠪᠠᠶᠢᠴᠠᠭᠠᠯᠲᠠ ᠬᠢᠨ᠎ᠡ᠃      ︵ᠳᠥᠷᠪᠡ︶ ᠪᠦᠬᠦ ᠬᠤᠲᠠ ᠶᠢᠨ ᠴᠢᠬᠤᠯᠠ ᠶᠡᠭᠡ ᠣᠷᠣᠨ ᠪᠦᠰᠡ ᠶᠢᠨ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠬᠠᠷᠢᠭᠤᠴᠠᠨ ᠵᠣᠬᠢᠶᠠᠨ ᠪᠠᠶᠢᠭᠤᠯᠤᠨ ᠲᠣᠬᠢᠷᠠᠭᠤᠯᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠲᠥᠯᠥᠭᠡᠯᠡᠭᠴᠢᠳ ᠤᠨ ᠪᠦᠯᠬᠦᠮ ᠤᠨ ᠬᠠᠷᠢᠯᠴᠠᠨ ᠰᠤᠷᠪᠤᠯᠵᠢᠯᠠᠬᠤ ᠳᠤ ᠬᠤᠯᠪᠣᠭ᠎ᠠ ᠠᠪᠬᠤ᠂ ᠵᠣᠬᠢᠴᠠᠭᠤᠯᠬᠤ ᠪᠠ ᠬᠦᠯᠢᠶᠡᠨ ᠠᠪᠬᠤ ᠠᠵᠢᠯ ᠢ ᠳᠠᠭᠠᠭᠠᠨ ᠡᠷᠬᠢᠯᠡᠨ᠎ᠡ᠃ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠢ ᠲᠦᠷᠦᠭᠦᠯᠡᠨ ᠵᠣᠬᠢᠶᠠᠨ ᠪᠠᠶᠢᠭᠤᠯᠵᠤ ᠰᠣᠯᠢᠯᠴᠠᠭ᠎ᠠ ᠬᠢᠵᠦ ᠵᠥᠪᠳᠡᠯᠴᠡᠬᠦ ᠠᠵᠢᠯᠯᠠᠭ᠎ᠠ ᠳᠤ ᠣᠷᠣᠯᠴᠠᠭᠤᠯᠤᠨ᠎ᠠ᠃      ︵ᠲᠠᠪᠤ︶ ᠪᠦᠬᠦ ᠬᠤᠲᠠ ᠶᠢᠨ ᠭᠠᠳᠠᠨ᠎ᠠ ᠰᠠᠭᠤᠭ᠎ᠠ ᠬᠤᠳᠠᠯᠳᠤᠭᠠᠴᠢᠨ ᠤᠷᠢᠬᠤ ᠪᠠᠶᠢᠭᠤᠯᠤᠮᠵᠢ ᠶᠢ ᠵᠣᠬᠢᠴᠠᠭᠤᠯᠤᠨ ᠬᠠᠮᠢᠶᠠᠷᠤᠨ᠎ᠠ᠃ ᠬᠤᠲᠠ ᠶᠢᠨ ᠭᠠᠳᠠᠨ᠎ᠠ ᠰᠠᠭᠤᠭ᠎ᠠ ᠠᠵᠤ ᠠᠬᠤᠢ ᠶᠢᠨ ᠬᠠᠮᠲᠤᠷᠠᠯᠴᠠᠭ᠎ᠠ ᠶᠢᠨ ᠪᠠᠶᠢᠭᠤᠯᠤᠮᠵᠢ᠂ ᠬᠤᠳᠠᠯᠳᠤᠭᠠᠴᠢᠳ ᠤᠨ ᠡᠪᠯᠡᠯ᠂ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠴᠠᠭᠤᠯᠤᠨ ᠬᠠᠷᠢᠯᠴᠠᠵᠤ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠠᠬᠢ ᠡᠯ᠎ᠡ ᠲᠥᠷᠥᠯ ᠤᠨ ᠪᠠᠶᠢᠭᠤᠯᠤᠮᠵᠢ ᠶᠢᠨ ᠠᠵᠢᠯᠲᠠᠨ ᠤ ᠴᠢᠬᠤᠯᠠ ᠦᠶᠯᠡᠳᠦᠯ ᠢ ᠭᠦᠶᠴᠡᠳ ᠪᠠᠳᠠᠷᠠᠭᠤᠯᠤᠨ᠎ᠠ᠃      ︵ᠵᠢᠷᠭᠤᠭ᠎ᠠ︶ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠶᠢᠨ ᠲᠥᠷᠥ  ᠶᠢᠨ ᠪᠣᠳᠣᠯᠭ᠎ᠠ ᠶᠢ ᠤᠬᠠᠭᠤᠯᠬᠤ ᠶᠢ ᠬᠠᠷᠢᠭᠤᠴᠠᠵᠤ᠂ ᠡᠯ᠎ᠡ ᠭᠠᠵᠠᠷ ᠤᠨ ᠠᠵᠤ ᠠᠬᠤᠢ ᠮᠡᠷᠭᠡᠵᠢᠯ ᠤᠨ ᠮᠡᠳᠡᠭᠡ ᠵᠠᠩᠭᠢ ᠶᠢᠨ ᠰᠣᠯᠢᠯᠴᠠᠭ᠎ᠠ ᠶᠢ ᠴᠢᠩᠭᠠᠳᠬᠠᠨ᠎ᠠ᠃ ᠪᠦᠬᠦ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠪᠠᠶᠢᠭᠤᠯᠬᠤ᠂ ᠬᠠᠮᠢᠶᠠᠷᠬᠤ ᠪᠠ ᠪᠦᠲᠦᠭᠡᠨ ᠪᠠᠶᠢᠭᠤᠯᠬᠤ ᠶᠢ ᠬᠠᠷᠢᠭᠤᠴᠠᠨ᠎ᠠ᠃      ︵ᠳᠣᠯᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠨᠠᠶᠮᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ  ᠨᠦᠭᠦᠳ ᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号