ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢ ᠪᠠᠶᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠣᠯᠭᠠᠨ᠎ᠠ᠃      ᠨᠢᠭᠡ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠵᠢᠯᠣᠭᠤᠳᠴᠤ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶᠠᠵᠢᠯ ᠵᠢᠷᠤᠮᠵᠢᠯ ᠪᠣᠯᠤᠨ ᠲᠥᠬᠦᠷ ᠳᠦᠷᠢᠮ  ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠴᠤᠪᠤᠷᠠᠯ ᠢ ᠳᠠᠬᠢᠨ ᠦᠶᠯᠡᠳᠬᠦ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠬᠤᠭᠤᠴᠠᠭ᠎ᠠ ᠶᠢ ᠪᠣᠭᠤᠨᠢᠰᠬᠠᠬᠤ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠪᠠᠶᠢᠳᠠᠯ ᠢ ᠮᠥᠷᠳᠡᠵᠦ ᠰᠢᠮᠳᠠᠭᠤᠯᠤᠨ ᠰᠢᠢᠳᠪᠦᠷᠢᠯᠡᠭᠦᠯᠦᠨ᠎ᠡ᠃      ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠳᠦᠷᠢᠮ ᠤᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠯ᠎ᠡ ᠵᠦᠢᠯ  ᠤᠨ ᠳᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠪᠦᠬᠦ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠠᠵᠢᠯ ᠢ ᠬᠠᠷᠢᠭᠤᠴᠠᠬᠤ ᠶᠢᠨ ᠬᠠᠮᠲᠤ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠥᠳᠡᠯᠦᠩᠭᠦᠢ ᠲᠣᠬᠢᠷᠠᠭᠤᠯᠬᠤ᠂ ᠴᠡᠪᠡᠷᠯᠡᠬᠦ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ᠃      ︵ᠳᠥᠷᠪᠡ︶ ᠲᠣᠰ ᠰᠠᠯᠠᠭ᠎ᠠ ᠮᠥᠴᠢᠷ ᠲᠤ ᠲᠥᠪᠯᠡᠷᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠳᠠᠭᠠᠭᠠᠨ ᠭᠦᠶᠴᠡᠳᠬᠡᠬᠦ ᠶᠢ ᠬᠠᠷᠢᠭᠤᠴᠠᠵᠤ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠠᠨ ᠬᠠᠤᠯᠢ ᠲᠣᠭᠲᠠᠭᠠᠯ ᠶᠣᠰᠣᠭᠠᠷ ᠭᠦᠶᠴᠡᠳᠬᠡᠬᠦ ᠶᠢᠨ ᠬᠠᠮᠲᠤ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠬᠢᠨᠠᠨ ᠵᠥᠪᠰᠢᠶᠡᠷᠡᠬᠦ ᠵᠦᠢᠯᠡᠰ ᠢ ᠲᠤᠬᠠᠶ ᠶᠢᠨ ᠭᠠᠵᠠᠷ ᠲᠤ ᠨᠢ ᠬᠠᠶᠢᠨ ᠰᠢᠯᠭᠠᠬᠤ ᠶᠢ ᠬᠠᠷᠢᠭᠤᠴᠠᠵᠤ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠠᠢ ᠬᠤᠯᠪᠣᠭᠳᠠᠬᠤ ᠬᠢᠨᠠᠨ ᠲᠣᠭᠲᠠᠭᠠᠬᠤ᠂ ᠨᠤᠲᠠᠯᠠᠯᠲᠠ ᠬᠢᠬᠦ ᠪᠠ ᠭᠡᠷᠡᠴᠢᠯᠡᠭᠡ ᠰᠣᠨᠣᠰᠬᠤ ᠵᠡᠷᠭᠡ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠴᠢᠬᠤᠯᠠᠲᠠᠶ ᠵᠦᠶᠯᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃      ︵ᠲᠠᠪᠤ︶ ᠬᠤᠲᠠ ᠶᠢᠨ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠠᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠤᠴᠢᠷ ᠶᠠᠪᠤᠳᠠᠯ ᠢ ᠲᠥᠪᠯᠡᠷᠡᠭᠦᠯᠦᠨ ᠰᠢᠶᠳᠪᠦᠷᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠶᠡᠭᠡ ᠲᠠᠩᠬᠢᠮ ᠳᠤ ᠣᠷᠣᠵᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠶᠡᠭᠡ ᠲᠠᠩᠬᠢᠮ ᠤᠨ ᠠᠵᠢᠯᠲᠠᠨ ᠢ ᠪᠣᠯᠪᠠᠰᠤᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠶᠢ ᠬᠠᠷᠢᠭᠤᠴᠠᠨ᠎ᠠ᠃      ︵ᠵᠢᠷᠭᠤᠭ᠎ᠠ︶ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠳᠠ ᠶᠢ ᠡᠭᠦᠷᠭᠡᠯᠡᠨ᠎ᠡ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠦᠶᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠠᠵᠢᠯᠯᠠᠭᠠᠨ ᠢ ᠬᠠᠷᠢᠭᠤᠴᠠᠨ᠎ᠠ᠃      ︵ᠳᠣᠯᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠨᠠᠶᠮᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ  ᠨᠦᠭᠦᠳ ᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号