ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠬᠦᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ  ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ  ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ ᠵᠢᠯᠣᠭᠤᠳᠤᠨ᠎ᠠ᠃      ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ ᠭᠦᠢᠴᠡᠳᠭᠡᠯᠭᠡᠬᠦ ᠵᠠᠬᠢᠳᠠᠯ ᠰᠤᠷᠪᠤᠯᠵᠢᠯᠠᠭ᠎ᠠ ᠶᠢᠨ ᠵᠦᠶᠯᠡᠰ  ᠢ ᠳᠠᠭᠠᠭᠠᠨ ᠬᠢᠨ᠎ᠡ᠃ ᠠᠷᠠᠳ ᠢᠷᠭᠡᠨ᠂ ᠬᠠᠤᠯᠢ  ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ ᠪᠠ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠣᠯᠠᠨ ᠣᠯᠠᠨ ᠤ ᠰᠠᠨᠠᠯ ᠪᠠ ᠰᠠᠨᠠᠭᠤᠯᠭ᠎ᠠ ᠶᠢ ᠴᠤᠭᠯᠠᠭᠤᠯᠤᠨ᠎ᠠ᠃      ︵ᠭᠤᠷᠪᠠ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠭᠦᠢᠴᠡᠳᠭᠡᠯᠭᠡᠬᠦ᠂ ᠲᠤᠰᠢᠶᠠᠨ ᠭᠦᠢᠴᠡᠳᠭᠡᠯᠭᠡᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠬᠤ ᠂ ᠰᠢᠮᠳᠠᠭᠤᠯᠬᠤ᠂ ᠰᠢᠶᠳᠪᠦᠷᠢᠯᠡᠬᠦ ᠶᠢ ᠬᠠᠷᠢᠭᠤᠴᠠᠨ᠎ᠠ᠃       ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠵᠤ᠂ ᠲᠤᠷᠰᠢᠯᠭ᠎ᠠ ᠶᠢ ᠳ᠋ᠦᠩᠨᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ       ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠵᠢᠷᠭᠤᠭ᠎ᠠ︶ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠳᠣᠯᠤᠭ᠎ᠠ︶ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠨ᠎ᠠ᠃      ︵ᠨᠠᠶᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠶᠢᠨ ᠨᠡᠶᠢᠲᠡᠯᠡᠯ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠵᠣᠬᠢᠴᠠᠭᠤᠯᠤᠨ᠎ᠠ᠃      ︵ᠶᠢᠰᠦ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号