ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
  ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ  ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄       ︵ᠨᠢᠭᠡ︶ ᠡᠮᠴᠢᠯᠡᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡ ᠶᠢᠨ ᠠᠪᠤᠷᠠᠨ ᠲᠤᠰᠠᠯᠠᠯᠲᠠ ᠵᠡᠷᠭᠡ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠬᠤᠲᠠ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠨ᠎ᠠ ᠃ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠬᠤᠶᠠᠷ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ᠃ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠶᠤᠯᠭᠦᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠯᠥᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃       ︵ᠭᠤᠷᠪᠠ︶ ᠡᠮᠴᠢᠯᠡᠭᠡ ᠶᠢᠨ ᠪᠠᠲᠤᠯᠠᠭ᠎ᠠ ᠶᠢᠨ ᠪᠡᠯᠡ ᠬᠤᠷᠠᠮᠳᠤᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠥᠳᠡᠯᠦᠩᠭᠦᠢ ᠲᠣᠬᠢᠷᠠᠭᠤᠯᠤᠯᠲᠠ ᠬᠢᠬᠦ ᠪᠠ ᠣᠷᠣᠨ  ᠪᠦᠰᠡ ᠪᠠᠷ ᠲᠣᠬᠢᠷᠠᠭᠤᠯᠤᠨ ᠲᠡᠩᠴᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂  ᠬᠤᠲᠠ ᠪᠠᠯᠭᠠᠰᠤ ᠶᠢᠨ ᠡᠮᠴᠢᠯᠡᠭᠡ ᠶᠢᠨ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠨ᠂ ᠪᠡᠯᠡ ᠬᠤᠷᠠᠮᠳᠤᠭᠤᠯᠬᠤ ᠬᠢᠷᠢ ᠲᠥᠪᠰᠢᠨ ᠲᠠᠢ ᠬᠠᠷᠠᠭᠠᠯᠵᠠᠭᠰᠠᠨ ᠣᠯᠭᠤᠮᠵᠢ ᠶᠢᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠷᠲᠤ ᠬᠤᠭᠤᠴᠠᠭᠠᠨ ᠤ ᠠᠰᠠᠷᠠᠯᠲᠠ ᠶᠢᠨ ᠳᠠᠭᠠᠳᠬᠠᠯ ᠤᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ ᠬᠡᠷᠡᠭᠵᠢᠭᠦᠯᠦᠨ᠎ᠡ᠃       ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡ ᠶᠢᠨ ᠦᠢᠯᠡᠴᠢᠯᠡᠭᠡ ᠶᠢᠨ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡ ᠶᠢᠨ ᠲᠣᠨᠤᠭ ᠲᠥᠬᠦᠭᠡᠷᠦᠮᠵᠢ ᠵᠡᠷᠭᠡ ᠡᠮᠴᠢᠯᠡᠭᠡ ᠶᠢᠨ ᠪᠠᠲᠤᠯᠠᠭ᠎ᠠ ᠶᠢᠨ ᠭᠠᠷᠴᠠᠭ ᠪᠠ ᠲᠥᠯᠥᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠬᠠᠮᠳᠤ  ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠭᠠᠷᠴᠠᠭ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡᠷ ᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃       ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠡᠮᠴᠢᠯᠡᠭᠡ ᠶᠢᠨ ᠦᠢᠯᠡᠴᠢᠯᠡᠭᠡ ᠶᠢᠨ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡ ᠶᠢᠨ ᠲᠣᠨᠤᠭ ᠲᠥᠬᠦᠭᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠲᠥᠯᠥᠬᠦ ᠡᠮ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠵᠦᠢ ᠶᠣᠰᠣᠲᠠᠢ ᠶᠢ ᠲᠣᠭᠲᠠᠭᠠᠬᠤ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠵᠢᠯᠣᠭᠤᠳᠤᠭᠤᠯᠤᠭᠰᠠᠨ ᠨᠡᠶᠢᠭᠡᠮ ᠤᠨ ᠡᠮ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃       ︵ᠵᠢᠷᠭᠤᠭ᠎ᠠ︶ ᠪᠦᠬᠦ ᠬᠤᠲᠠ ᠶᠢᠨ ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦ᠋ᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃       ︵ᠳᠣᠯᠤᠭ᠎ᠠ︶ ᠲᠣᠭᠲᠠᠭᠰᠠᠨ ᠴᠡᠭ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠭᠡᠷ ᠵᠢᠴᠢ ᠲᠥᠯᠥᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠡᠮᠴᠢᠯᠡᠭᠡ ᠶᠢᠨ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠣᠨ ᠮᠡᠳᠡᠭᠡ ᠵᠠᠩᠭᠢ ᠶᠢ ᠢᠯᠡᠴᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡ ᠶᠢᠨ ᠦᠢᠯᠡᠴᠢᠯᠡᠭᠡ ᠶᠢᠨ ᠠᠵᠢᠯᠯᠠᠭ᠎ᠠ ᠪᠣᠯᠣᠨ ᠡᠮᠴᠢᠯᠡᠭᠡ ᠶᠢᠨ ᠵᠠᠷᠤᠳᠠᠯ ᠢ ᠬᠢᠨᠠᠯᠲᠠ ᠲᠠᠯᠪᠢᠨ ᠬᠠᠮᠢᠶᠠᠷᠤᠨ᠎ᠠ ᠃ ᠡᠮᠴᠢᠯᠡᠭᠡ ᠶᠢᠨ ᠪᠠᠲᠤᠯᠠᠭ᠎ᠠ ᠶᠢᠨ ᠬᠡᠪᠴᠢᠶᠡᠨ ᠳᠠᠬᠢ ᠬᠠᠤᠯᠢ ᠳᠦᠷᠢᠮ ᠢ ᠵᠥᠷᠢᠴᠡᠭᠰᠡᠨ ᠠᠵᠢᠯᠯᠠᠭ᠎ᠠ ᠶᠢ ᠬᠠᠤᠯᠢ ᠳᠦᠷᠢᠮ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       ︵ᠨᠠᠢᠮᠠ︶ ᠡᠮᠴᠢᠯᠡᠭᠡ ᠶᠢᠨ ᠪᠠᠲᠤᠯᠠᠭ᠎ᠠ ᠶᠢ ᠳᠠᠭᠠᠭᠠᠨ ᠭᠦᠢᠴᠡᠳᠬᠡᠬᠦ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠰᠢᠰᠲ᠋ᠧᠮᠵᠢ ᠪᠣᠯᠣᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠥᠭᠡᠷ᠎ᠡ ᠭᠠᠵᠠᠷ ᠡᠮᠴᠢᠯᠡᠭᠦᠯᠬᠦ ᠬᠠᠮᠢᠶᠠᠷᠤᠯᠲᠠ ᠪᠠ ᠵᠠᠷᠤᠳᠠᠯ ᠢ  ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠲᠡᠭᠦᠯᠳᠡᠷᠵᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃       ︵ᠶᠢᠰᠦ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号