ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ
ᠨᠡᠶᠢᠲᠡᠯᠡᠭᠰᠡᠨ ᠴᠠᠭ᠄
2019-03-04
     ᠬᠦᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠳᠠᠬᠢ ᠨᠠᠮ  ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃      ︵ᠬᠤᠶᠠᠷ︶ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ ᠨᠠᠶᠢᠷᠠᠭᠤᠯᠤᠨ  ᠵᠣᠬᠢᠶᠠᠵᠤ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠵᠤ ᠬᠠᠮᠢᠶᠠᠷᠬᠤ ᠶᠢ ᠵᠢᠯᠣᠭᠤᠳᠴᠤ᠂ ᠬᠢᠨᠠᠯᠲᠠ ᠲᠠᠯᠪᠢᠵᠤ ᠪᠠᠶᠢᠴᠠᠭᠠᠨ᠎ᠠ᠃       ︵ᠳᠥᠷᠪᠡ︶  ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠤᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠣᠯᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ  ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ  ᠤᠨ ᠴᠢᠨᠠᠷᠲᠠᠶ ᠪᠠᠷᠢᠮᠵᠢᠶ᠎ᠠ ᠶᠢ ᠬᠡᠷᠡᠭᠵᠢᠭᠦᠯᠦᠨ᠎ᠡ᠃       ︵ᠲᠠᠪᠤ︶ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠨᠢᠭᠡᠨᠲᠡ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠲᠦᠭᠡᠨ ᠪᠠᠶᠢᠭᠤᠯᠬᠤ ᠨᠢᠭᠡᠴᠢ ᠶᠢ ᠬᠠᠪᠰᠤᠷᠤᠨ ᠵᠢᠯᠣᠭᠤᠳᠴᠤ ᠪᠠᠶᠢᠭᠠᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠪᠠ ᠳᠠᠶᠢᠨ ᠤ ᠰᠣᠯᠢᠭᠳᠠᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠬᠤᠲᠠ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠣᠰᠣᠭᠠᠷ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠨ ᠵᠢᠯᠣᠭᠤᠳᠣᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ  ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠠᠷᠠᠳ  ᠤᠨ ᠠᠭᠠᠷ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠢ ᠵᠣᠬᠢᠶᠠᠨ ᠪᠠᠶᠢᠭᠤᠯᠤᠨ᠎ᠠ᠃ ᠬᠤᠰᠢᠭᠤ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠢᠨᠠᠨ ᠵᠥᠪᠰᠢᠶᠡᠷᠡᠬᠦ ᠠᠵᠢᠯ ᠢ ᠬᠢᠨᠠᠯᠲᠠ ᠲᠠᠯᠪᠢᠨ ᠵᠢᠯᠣᠭᠤᠳᠣᠨ᠎ᠠ᠃      ︵ᠵᠢᠷᠭᠤᠭ᠎ᠠ︶ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ  ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠬᠤ ᠡᠭᠦᠷᠭᠡ ᠶᠢ ᠭᠦᠢᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠯᠪᠠᠰᠤᠷᠠᠯ  ᠤᠨ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠣᠯᠤᠭ᠎ᠠ︶ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠴᠢᠯᠠᠯᠲᠠ  ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠴᠢᠮᠡᠭᠡ ᠬᠤᠯᠪᠣᠭᠠᠨ ᠤ ᠰᠡᠷᠡᠮᠵᠢ ᠶᠢᠨ ᠮᠡᠳᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠲᠦᠭᠡᠨ ᠪᠠᠶᠢᠭᠤᠯᠤᠨ ᠬᠠᠮᠢᠶᠠᠷᠤᠨ᠎ᠠ᠃ ᠬᠤᠰᠢᠭᠤ ᠰᠢᠶᠠᠨ ᠤ ᠠᠷᠠᠳ ᠤᠨ ᠠᠭᠠᠷ  ᠤᠨ ᠰᠡᠷᠭᠡᠶᠢᠯᠡᠯᠲᠡ ᠶᠢᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ᠂ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠡᠯᠡᠳᠬᠡᠮᠵᠢ ᠶᠢ ᠠᠰᠢᠭᠯᠠ ᠡᠩ ᠤᠨ ᠦᠶ᠎ᠡ ᠳᠤ ᠠᠶᠤᠯ ᠭᠠᠮᠰᠢᠭ ᠠᠴᠠ ᠠᠪᠤᠷᠠᠬᠤ ᠦᠶᠯᠡᠴᠢᠯᠡᠭᠡ ᠬᠠᠩᠭᠠᠨ᠎ᠠ᠃       ︵ᠨᠠᠶᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠴᠢᠬᠤᠯᠠ ᠬᠠᠷᠠᠯᠲᠠᠲᠤ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠴᠢᠬᠤᠯᠠ ᠬᠠᠷᠠᠯᠲᠠᠲᠤ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠢᠨᠠᠯᠲᠠ ᠲᠠᠯᠪᠢᠨ ᠪᠠᠶᠢᠴᠠᠭᠠᠵᠤ᠂ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠᠲᠤ ᠨᠢᠭᠡᠴᠢ ᠶᠢ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃      ︵ᠶᠢᠰᠦ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠬᠤᠷᠠᠮᠳᠤᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠳᠤ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠠᠷᠪᠠ︶ ᠳᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠶᠯ ᠤᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃      ︵ᠠᠷᠪᠠᠨ ᠨᠢᠭᠡ︶ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号