ᠮᠥᠩᠭᠦᠨ ᠭᠦᠢᠯᠭᠡᠭᠡ ᠶᠢᠨ ᠠᠵᠢᠯ ᠤᠨ ᠠᠯᠪᠠᠨ ᠭᠡᠷ
ᠨᠡᠶᠢᠲᠡᠯᠡᠭᠰᠡᠨ ᠴᠠᠭ᠄
2019-03-04
     ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡ ᠶᠢᠨ ᠠᠵᠢᠯ ᠤᠨ ᠠᠯᠪᠠᠨ ᠭᠡᠷ  ᠨᠢ ᠮᠥᠩᠭᠦᠨ ᠬᠦᠢᠯᠭᠡᠭᠡ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠮᠥᠩᠭᠦᠨ ᠭᠦᠶᠯᠭᠡᠭᠡᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ  ᠨᠢ᠄      ︵ᠨᠢᠭᠡ︶ ᠪᠦᠬᠦ ᠬᠤᠲᠠ ᠶᠢᠨ ᠮᠥᠩᠭᠦᠨ ᠭᠦᠶᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠵᠦ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠦᠢᠯᠡᠴᠢᠯᠡᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠤᠨ᠎ᠠ᠃ ᠮᠥᠩᠭᠦᠨ ᠭᠦᠶᠯᠭᠡᠭᠡᠨ ᠤ ᠭᠤᠣᠯ ᠴᠣᠭᠴᠠ ᠶᠢᠨ ᠠᠵᠤ ᠠᠬᠤᠶ ᠳᠤ ᠦᠶᠯᠡᠴᠢᠯᠡᠬᠦ ᠴᠢᠳᠠᠮᠵᠢ ᠶᠢ ᠴᠢᠩᠭᠠᠷᠠᠭᠤᠯᠤᠨ᠎ᠠ᠃ ᠮᠥᠩᠭᠦᠨ ᠭᠦᠶᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      ︵ᠭᠤᠷᠪᠠ︶ ᠪᠦᠬᠦ ᠬᠤᠲᠠ ᠶᠢᠨ ᠨᠡᠶᠢᠳᠡᠮ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ︽ᠵᠢᠵᠢᠭ ᠪᠢᠴᠢᠯ ᠠᠵᠤ ᠠᠬᠤᠶᠢᠯᠠᠯ︾ ᠤᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢ ᠪᠣᠶᠢᠵᠢᠭᠤᠯᠤᠨ ᠬᠥᠭᠵᠢᠭᠦᠯᠦᠨ᠎ᠡ᠃ ᠪᠦᠬᠦ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠠᠮᠲᠤᠷᠠᠯᠴᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ      ︵ᠳᠥᠷᠪᠡ︶ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠵᠢᠯ ᠢ ᠵᠢᠯᠣᠭᠤᠳᠴᠤ᠂ ᠠᠵᠤ ᠠᠬᠤᠶᠢᠯᠠᠯ ᠤᠨ ᠵᠠᠬ᠎ᠠ ᠳᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠪᠠᠷ ᠪᠡᠯᠡ ᠲᠣᠬᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠡᠯᠡ ᠲᠣᠬᠢᠷᠠᠭᠤᠯᠬᠤ ᠠᠵᠢᠯ ᠢ ᠵᠣᠬᠢᠴᠠᠭᠤᠯᠤᠨ᠎ᠠ᠃ ᠠᠳᠠᠯ ᠦᠶᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ  ᠶᠢ ᠵᠢᠷᠤᠮᠵᠢᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃      ︵ᠲᠠᠪᠤ︶ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠲᠠᠭᠠᠭᠠᠯᠳᠠ ᠶᠢᠨ ᠺᠤᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠠᠨᠵᠢᠯᠠᠬᠤ ᠭᠠᠵᠠᠷ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠠᠬᠤᠶᠢᠯᠠᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠵᠢᠷᠭᠤᠭ᠎ᠠ︶ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ  ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠦᠯᠵᠢᠶᠡᠨ ᠳᠡᠭᠡᠷᠡᠬᠢ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠡᠯᠡ ᠣᠷᠣᠭᠤᠯᠬᠤ ᠺᠣᠮᠫᠠᠨᠢ᠂ ᠢᠲᠡᠭᠡᠮᠵᠢ ᠪᠠᠷ ᠬᠠᠪᠰᠤᠷᠤᠯᠴᠠᠬᠤ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠨᠡᠶᠢᠭᠡᠮ ᠤᠨ ᠣᠯᠠᠨ ᠨᠡᠶᠢᠲᠡ ᠶᠢᠨ ᠪᠡᠯᠡ ᠴᠤᠭᠯᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ︵ᠳᠣᠯᠤᠭ᠎ᠠ︶ ᠮᠥᠩᠭᠦᠨ ᠭᠦᠶᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠵᠤ᠂ ᠮᠥᠩᠭᠦᠨ ᠭᠦᠶᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠮᠥᠩᠭᠦᠨ ᠭᠦᠶᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠨᠠᠶᠮᠠ︶ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠶᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠶᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠲᠣᠭᠲᠠᠭᠤᠨ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠶᠳᠪᠦᠷᠢᠯᠡᠬᠦ ᠠᠵᠢᠯ ᠢ ᠵᠣᠬᠢᠴᠠᠭᠤᠯᠤᠨ᠂ ᠵᠣᠬᠢᠶᠠᠨ ᠪᠠᠶᠢᠭᠤᠯᠵᠤ᠂ ᠬᠠᠮᠵᠢᠯᠴᠠᠨ ᠦᠷᠨᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠰᠠᠭᠤᠷᠢ ᠲᠤᠭ᠎ᠠ ᠪᠠᠷᠢᠮᠲᠠ ᠪᠣᠯᠤᠨ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃      ︵ᠶᠢᠰᠦ︶ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠮᠥᠩᠭᠦᠨ ᠭᠦᠶᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠣᠷᠣᠨ ᠤ ᠳᠣᠲᠣᠷᠠᠬᠢ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠠᠷᠢᠭᠤᠴᠠᠨ ᠵᠣᠬᠢᠴᠠᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠣᠷᠣᠨ ᠨᠤᠲᠤᠭ ᠤᠨ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠶᠳᠪᠦᠷᠢᠯᠡᠬᠦ ᠬᠠᠷᠢᠭᠤᠴᠠᠯᠭ᠎ᠠ ᠪᠠ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ ᠶᠢ ᠵᠢᠯᠣᠭᠤᠳᠤᠨ᠎ᠠ᠃ ᠬᠤᠯᠪᠣᠭᠳᠠᠯ ᠪᠦᠬᠦᠢ ᠮᠥᠩᠭᠦᠨ ᠭᠦᠶᠯᠭᠡᠭᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠣᠯᠤᠨ ᠵᠠᠭᠤᠴᠢ ᠪᠠᠶᠢᠭᠤᠯᠤᠮᠵᠢ ᠶᠢ ᠵᠢᠯᠣᠭᠤᠳᠤᠨ ᠵᠢᠷᠤᠮᠵᠢᠭᠤᠯᠤᠨ ᠬᠥᠭᠵᠢᠭᠦᠯᠦᠨ᠎ᠡ᠃      ︵ᠠᠷᠪᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号