ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2019-03-04
      ︵ᠨᠢᠭᠡ︶ ᠪᠦᠬᠦ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠵᠢᠴᠢ  ᠲᠡᠭᠦᠨ ᠤ  ᠠᠮᠢ ᠠᠬᠤᠢ ᠶᠢᠨ ᠬᠠᠮᠠᠭᠠᠯᠠᠯᠲᠠ     ᠶᠢᠨ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠵᠢᠴᠢ  ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠤᠷᠤᠨ ᠨᠤᠲᠤᠭ ᠤᠨ ᠴᠢᠨᠠᠷᠳᠠᠢ  ᠬᠠᠤᠯᠢ ᠳᠦᠷᠢᠮ᠂ ᠳᠦᠷᠢᠮ ᠲᠣᠭᠲᠠᠭᠠᠯ  ᠤᠨ ᠲᠦᠰᠦᠯ ᠢ   ᠲᠤᠭᠤᠷᠪᠢᠨ᠎ᠠ᠃ ᠥᠪᠡᠷᠲᠡᠭᠡᠨ ᠵᠠᠰᠠᠬᠤ ᠣᠷᠣᠨ ᠢ ᠬᠠᠪᠰᠤᠷᠤᠨ ᠳᠤ ᠬᠠᠮᠵᠢᠯᠴᠠᠨ  ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠥᠯᠡᠷᠬᠡᠭ ᠭᠠᠵᠠᠷ ᠪᠣᠯᠣᠨ ᠬᠠᠭᠤᠷᠠᠢ ᠨᠤᠲᠤᠭᠲᠤ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠲᠤ ᠬᠥᠳᠡᠯᠦᠩᠭᠦᠢ ᠬᠢᠨᠠᠨ ᠬᠡᠮᠵᠢᠯᠲᠡ ᠪᠠ ᠦᠨᠡᠯᠡᠯᠲᠡ ᠬᠢᠨ᠎ᠡ᠃       ︵ᠬᠤᠶᠠᠷ︶ ᠪᠦᠬᠦ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ  ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠭᠤᠣᠯᠳᠠᠯᠭ᠎ᠠ ᠲᠠᠢ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ  ᠨᠡᠶᠢᠲᠡ ᠶᠢᠨ ᠠᠰᠠᠷᠠᠮᠵᠢ ᠶᠢᠨ  ᠣᠢ᠂ ᠲᠠᠸᠠᠷ ᠤᠨ ᠣᠢ ᠶᠢ ᠣᠶᠢᠵᠢᠭᠤᠯᠤᠨ ᠡᠵᠡᠩᠨᠡᠬᠦ ᠶᠢ ᠵᠢᠯᠣᠭᠤᠳᠴᠤ ᠂ ᠪᠦᠬᠦ ᠲᠠᠯ᠎ᠠ ᠶᠢᠨ ᠠᠯᠪᠠᠨ ᠵᠢᠷᠤᠮ ᠤᠨ ᠮᠣᠳᠣ ᠲᠠᠷᠢᠬᠤ᠂ ᠡᠪᠡᠰᠦ ᠲᠠᠷᠢᠬᠤ᠂ ᠬᠤᠲᠠ ᠬᠥᠳᠡᠭᠡ ᠶᠢ ᠨᠣᠭᠤᠭᠠᠷᠠᠭᠤᠯᠬᠤ ᠪᠠ ᠣᠢ ᠰᠢᠭᠤᠢ ᠶᠢᠨ ᠬᠤᠲᠠ  ᠬᠦᠳᠡᠭᠡ  ᠶᠢ ᠪᠠᠶᠢᠭᠤᠯᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃ ᠣᠢ ᠰᠢᠭᠤᠢ ᠪᠠ ᠨᠤᠲᠤᠭ ᠪᠡᠯᠴᠢᠭᠡᠷ ᠤᠨ ᠬᠤᠣᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠵᠢᠴᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠤᠨ᠎ᠠ᠃ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃       ︵ᠭᠤᠷᠪᠠ︶ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠢ ᠮᠣᠳᠣ ᠶᠢ ᠣᠭᠲᠣᠯᠬᠤ  ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠢ ᠰᠢᠭᠤᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠣᠢ ᠰᠢᠭᠤᠢ ᠶᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠨᠡᠶᠢᠲᠡ ᠶᠢᠨ ᠠᠰᠠᠷᠠᠮᠵᠢ ᠶᠢᠨ ᠣᠢ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ  ᠵᠤᠭᠰᠤᠭᠠᠬᠤ  ᠂ ᠪᠡᠯᠴᠢᠭᠡᠷ ᠮᠠᠯ ᠢ  ᠲᠡᠩᠴᠡᠭᠦᠷᠢᠲᠡᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠪᠦᠬᠦ ᠬᠤᠲᠠ ᠶᠢᠨ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ ᠠᠵᠢᠯ ᠢ ᠬᠠᠷᠢᠭᠤᠴᠠᠵᠤ᠂ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠯᠲᠠ ᠲᠠᠯᠪᠢᠨ ᠬᠠᠮᠢᠶᠠᠷᠤᠨ᠎ᠠ᠃        ︵ᠳᠥᠷᠪᠡ︶ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ  ᠳᠤ ᠬᠠᠮᠵᠢᠨ ᠴᠥᠯᠡᠷᠬᠡᠭᠵᠢᠯ ᠢ ᠪᠠᠶᠢᠴᠠᠭᠠᠨ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠲᠥᠯᠥᠪᠵᠢᠭᠦᠯᠭᠡ ᠪᠠ ᠬᠠᠮᠢᠶ᠎ᠠ ᠪᠦᠬᠦᠢ  ᠤᠷᠤᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠨ᠎ᠡ᠃       ︵ᠲᠠᠪᠤ︶ ᠬᠠᠭᠤᠷᠠᠢ ᠨᠤᠲᠤᠭᠲᠤ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠭᠤᠷᠠᠢ ᠨᠤᠲᠤᠭᠲᠤ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠭᠤᠷᠠᠢ ᠨᠤᠲᠤᠭᠲᠤ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠵᠤ ᠬᠠᠮᠠᠭᠠᠯᠠᠬᠤ ᠦᠷᠡᠵᠢᠭᠦᠯᠦᠨ ᠪᠣᠶᠢᠵᠢᠭᠤᠯᠬᠤ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠪᠠ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠵᠢᠯᠣᠭᠤᠳᠴᠤ᠂ ᠬᠠᠭᠤᠷᠠᠢ ᠨᠤᠲᠤᠭᠲᠤ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠬᠦ᠂ ᠳᠠᠰᠬᠠᠨ ᠲᠡᠵᠢᠭᠡᠨ ᠦᠷᠡᠵᠢᠭᠦᠯᠬᠦ ᠪᠤᠶᠤ ᠲᠠᠷᠢᠵᠤ ᠪᠣᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠯᠲᠠ ᠲᠠᠯᠪᠢᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠲᠠᠨ ᠤᠷᠭᠤᠮᠠᠯ ᠢ ᠪᠣᠭᠤᠮᠲᠠ ᠪᠠᠷ ᠣᠷᠣᠭᠤᠯᠵᠤ ᠭᠠᠷᠭᠠᠬᠤ ᠶᠢ ᠬᠢᠨᠠᠯᠲᠠ ᠲᠠᠯᠪᠢᠨ ᠬᠠᠮᠢᠶᠠᠷᠤᠨ᠎ᠠ᠃       ︵ᠵᠢᠷᠭᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠢᠭᠤᠴᠠᠨ ᠬᠢᠨᠠᠯᠲᠠ ᠲᠠᠯᠪᠢᠨ ᠬᠠᠮᠢᠶᠠᠷᠤᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠠ ᠬᠤᠲᠠ ᠶᠢᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠬᠠᠷᠢᠭᠤᠴᠠᠨ᠎ᠠ᠃ ᠡᠯ᠎ᠡ ᠲᠥᠷᠥᠯ ᠤᠨ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠠ ᠬᠤᠲᠠ ᠶᠢᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠦᠲᠦᠭᠡᠨ ᠪᠠᠶᠢᠭᠤᠯᠬᠤ᠂ ᠲᠣᠬᠢᠷᠠᠭᠤᠯᠤᠯᠲᠠ ᠬᠢᠬᠦ ᠳᠤ ᠦᠨᠡᠯᠡᠨ ᠰᠢᠯᠭᠠᠬᠤ ᠰᠠᠨᠠᠭᠤᠯᠭ᠎ᠠ ᠳᠤᠷᠠᠳᠬᠤ ᠶᠢᠨ ᠬᠠᠮᠲᠤ ᠠᠯᠬᠤᠮ ᠳᠠᠷᠠᠭ᠎ᠠ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠢ ᠮᠡᠳᠡᠭᠦᠯᠬᠦ ᠶᠢ ᠵᠤᠬᠢᠶᠠᠨ ᠪᠠᠶᠢᠭᠤᠯᠤᠨ᠎ᠠ ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃       ︵ᠳᠣᠯᠤᠭ᠎ᠠ︶ ᠪᠦᠬᠦ ᠬᠤᠲᠠ ᠶᠢᠨ ᠤᠯᠤᠰ ᠤᠨ ᠥᠮᠴᠢᠯᠡᠯᠲᠦ ᠴᠢᠬᠢ ᠮᠣᠳᠣᠨ ᠤ ᠣᠢ ᠶᠢ ᠪᠠᠶᠢᠭᠤᠯᠬᠤ ᠪᠠ ᠬᠥᠭᠵᠢᠭᠦᠯᠬᠦ ᠶᠢ ᠵᠢᠯᠣᠭᠤᠳᠴᠤ᠂  ᠮᠣᠳᠣᠨ ᠤ ᠦᠷ᠎ᠡ ᠪᠠ ᠡᠪᠡᠰᠦᠨ  ᠦᠷ᠎ᠡ ᠶᠢᠨ ᠥᠷ᠎ᠡ ᠬᠥᠪᠥᠷᠡᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠰᠢᠯᠢᠳᠡᠭ ᠦᠷ᠎ᠡ ᠶᠢ ᠰᠣᠩᠭᠤᠨ ᠪᠣᠶᠢᠵᠢᠭᠤᠯᠤᠨ ᠳᠡᠯᠭᠡᠷᠡᠭᠦᠯᠬᠦ ᠶᠢ ᠬᠠᠷᠢᠭᠤᠴᠠᠨ᠂ ᠴᠢᠬᠢ ᠮᠣᠳᠣ᠂ ᠡᠪᠡᠰᠦᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠴᠢᠬᠢ ᠮᠣᠳᠣ᠂ ᠡᠪᠡᠰᠦᠨ ᠦᠷ᠎ᠡ ᠶᠢᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠣᠢ ᠰᠢᠭᠤᠢ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠬᠥᠪᠥᠷᠡᠯ ᠤᠨ ᠡᠬᠢ ᠪᠠᠶᠠᠯᠢᠭ᠂ ᠭᠧᠨ ᠤ ᠬᠤᠪᠢᠷᠠᠯᠲᠠ ᠲᠠᠢ ᠠᠮᠢᠳᠤ ᠪᠣᠳᠠᠰ ᠤᠨ ᠠᠶᠤᠯᠭᠦᠢ᠂ ᠤᠷᠭᠤᠮᠠᠯ ᠤᠨ ᠰᠢᠨ᠎ᠡ ᠲᠥᠷᠥᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ᠃        ︵ᠨᠠᠢᠮᠠ︶ ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠬᠠᠮᠢᠶ᠎ᠠ ᠪᠦᠬᠦᠢ  ᠤᠷᠤᠨ ᠨᠤᠲᠤᠭ ᠤᠨ  ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠪᠠ ᠠᠰᠢᠭᠯᠠᠯᠲᠠ᠂ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠂ ᠠᠭᠤᠯᠠᠷᠬᠠᠭ ︵ᠡᠯᠡᠰᠦᠷᠬᠡᠭ︶ ᠣᠷᠣᠨ ᠤ ᠶᠡᠷᠦᠩᠬᠡᠶᠢᠯᠡᠨ ᠨᠡᠭᠡᠭᠡᠨ ᠠᠰᠢᠭᠯᠠᠯᠲᠠ ᠪᠠ ᠠᠮᠢ ᠠᠬᠤᠢ    ᠪᠠᠷ  ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃       ︵ᠶᠢᠰᠦ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠭᠠᠯ ᠡᠭᠦᠰᠬᠡᠭᠴᠢ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠪᠡᠯᠡᠳᠬᠡᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠰᠤᠷᠲᠠᠯᠴᠢᠯᠠᠭ᠎ᠠ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠥᠷᠨᠢᠭᠦᠯᠦᠨ᠎ᠡ᠃ ᠴᠢᠬᠤᠯᠠ ᠲᠠᠢ ᠦᠶ᠎ᠡ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃      ︵ᠠᠷᠪᠠ︶ ᠪᠦᠬᠦ ᠬᠤᠲᠠ ᠶᠢᠨ ᠣᠢ ᠰᠢᠭᠤᠢ᠂ ᠨᠤᠲᠤᠭ ᠪᠡᠯᠴᠢᠭᠡᠷ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃       ︵ᠠᠷᠪᠠᠨ ᠨᠢᠭᠡ︶ ᠣᠢ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠲᠦᠯᠬᠢᠨ ᠠᠬᠢᠭᠤᠯᠤᠨ᠎ᠠ᠃ ᠬᠠᠮᠲᠤ ᠶᠢᠨ ᠣᠢ ᠶᠢᠨ ᠡᠷᠬᠡ ᠶᠢᠨ ᠳᠦᠷᠢᠮ ᠂ ᠤᠯᠤᠰ ᠤᠨ ᠥᠮᠴᠢᠯᠡᠯ ᠤᠨ ᠣᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ  ᠶᠢᠨ ᠥᠭᠡᠷᠡᠴᠢᠯᠡᠯᠲᠡ ᠶᠢᠨ ᠰᠠᠨᠠᠯ ᠢ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠢ ᠰᠢᠭᠤᠢ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠢ ᠮᠣᠳᠣ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠬᠠᠭᠠᠯᠪᠤᠷᠢᠯᠠᠬᠤ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠵᠤ ᠣᠢ ᠮᠣᠳᠣ ᠨᠤᠲᠤᠭ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠣᠢ ᠰᠢᠭᠤᠢ ᠶᠢᠨ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠠᠷᠪᠠᠨ ᠬᠤᠶᠠᠷ︶ ᠰᠠᠯᠠᠭ᠎ᠠ  ᠮᠦᠴᠢᠷ ᠤᠨ ᠲᠥᠰᠥᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠣᠢ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠭᠠᠳᠠᠭᠠᠳᠤ ᠳᠤ ᠬᠤᠯᠪᠣᠭᠳᠠᠬᠤ ᠭᠠᠳᠠᠭᠠᠳᠤ ᠳᠤ ᠲᠤᠰᠠᠯᠠᠬᠤ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠮᠡᠳᠡᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠣᠢ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃       ︵ᠠᠷᠪᠠᠨ ᠭᠤᠷᠪᠠ︶ ᠣᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠰᠤᠷᠲᠠᠯᠴᠢᠯᠠᠭ᠎ᠠ ᠪᠠ ᠭᠠᠳᠠᠭᠰᠢ ᠰᠣᠯᠢᠯᠴᠠᠭ᠎ᠠ ᠬᠢᠬᠦ ᠪᠣᠯᠣᠨ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠢ ᠪᠠ ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠥᠯᠡᠷᠬᠡᠭᠵᠢᠬᠦ ᠶᠢ ᠰᠡᠷᠭᠡᠶᠢᠯᠡᠨ ᠵᠠᠰᠠᠬᠤ᠂  ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ  ᠲᠦᠷᠦᠯ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠵᠢᠷᠤᠮᠯᠠᠬᠤ ᠠᠵᠢᠯ ᠢ ᠡᠭᠦᠷᠭᠡᠯᠡᠨ᠎ᠡ᠃      ︵ᠠᠷᠪᠠᠨ ᠳᠥᠷᠪᠡ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃       ︵ᠠᠷᠪᠠᠨ ᠲᠠᠪᠤ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号