ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2019-03-04
     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠠᠵᠢᠯ ᠤᠨ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠲᠠ ᠶᠢᠨ ᠬᠢᠨᠠᠨ ᠪᠣᠳᠣᠯᠲᠠ᠂ ᠡᠳ᠋ ᠤᠨ ᠵᠠᠰᠠᠭ ᠠᠵᠤ ᠠᠬᠤᠢ ᠶᠢᠨ ᠲᠠᠯ᠎ᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠰᠤᠳᠤᠯᠤᠨ ᠲᠣᠭᠲᠠᠭᠠᠬᠤ ᠳᠤ ᠣᠷᠣᠯᠴᠠᠨ᠎ᠠ︔ ᠬᠤᠰᠢᠭᠤ᠂ ᠰᠢᠶᠠᠨ᠂ ᠲᠣᠭᠤᠷᠢᠭ ᠤᠨ ᠬᠢᠨᠠᠨ ᠪᠣᠳᠣᠬᠤ ᠪᠠᠶᠢᠭᠤᠯᠭ᠎ᠠ ᠶᠢᠨ ᠬᠢᠨᠠᠨ ᠪᠣᠳᠣᠬᠤ ᠲᠤᠬᠠᠶᠢᠯᠠᠭᠰᠠᠨ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃      ︵ᠬᠤᠶᠠᠷ︶ ᠬᠢᠨᠠᠨ ᠪᠣᠳᠣᠭᠰᠠᠨ ᠪᠠᠶᠢᠳᠠᠯ ᠢᠶᠠᠨ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠳᠤ ᠮᠡᠳᠡᠭᠦᠯᠬᠦ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠪᠦᠷᠢᠨᠰᠢᠭᠦᠯᠬᠦ ᠰᠠᠨᠠᠭᠤᠯᠭ᠎ᠠ ᠳᠤᠷᠠᠳᠤᠨ᠎ᠠ᠃      ︵ᠭᠤᠷᠪᠠ︶ ᠪᠦᠬᠦ ᠬᠤᠲᠠ ᠶᠢᠨ ᠬᠢᠨᠠᠨ ᠪᠣᠳᠣᠬᠤ ᠠᠵᠢᠯ ᠢ ᠭᠤᠣᠯᠯᠠᠨ ᠬᠠᠮᠢᠶᠠᠷᠤᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠦᠷ᠎ᠡ ᠳ᠋ᠦᠩ ᠢ ᠬᠢᠨᠠᠨ ᠪᠣᠳᠣᠬᠤ᠂ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠬᠤ ᠪᠠ ᠬᠢᠨᠠᠨ ᠰᠢᠯᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠪᠦᠭᠡᠳ ᠬᠢᠨᠠᠨ ᠪᠣᠳᠣᠭᠤᠯᠵᠤ ᠪᠠᠶᠢᠭ᠎ᠠ ᠨᠢᠭᠡᠴᠢ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠳᠥᠷᠪᠡ︶ ᠣᠨ ᠤ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠬᠤᠲᠠ ᠶᠢᠨ ᠵᠠᠰᠠᠭ ᠤᠨ ᠣᠷᠳᠣᠨ ᠳᠤ ᠲᠤᠰᠢᠶᠠᠨ᠎ᠠ᠃ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠲᠠ ᠶᠢᠨ ᠲᠣᠰ ᠱᠠᠲᠤᠨ ᠤ ᠲᠥᠰᠦᠪ ᠤᠨ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠭᠰᠠᠨ ᠦᠷ᠎ᠡ ᠳ᠋ᠦᠩ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ ᠳᠡᠪᠰᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠳᠤ ᠪᠤᠰᠤᠳ ᠤᠴᠢᠷ ᠶᠠᠪᠤᠳᠠᠯ ᠢ ᠬᠢᠨᠠᠨ ᠪᠣᠳᠣᠭᠰᠠᠨ ᠪᠠ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠭᠰᠠᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠳᠤ ᠬᠠᠤᠯᠢ ᠶᠣᠰᠣᠭᠠᠷ ᠨᠡᠶᠢᠲᠡᠯᠡᠨ᠎ᠡ᠃ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ᠲᠣᠭᠤᠷᠢᠭ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠢᠨᠠᠨ ᠪᠣᠳᠣᠭᠰᠠᠨ ᠪᠠᠶᠢᠳᠠᠯ ᠪᠣᠯᠤᠨ ᠬᠢᠨᠠᠨ ᠪᠣᠳᠣᠭᠰᠠᠨ ᠦᠷ᠎ᠡ ᠳ᠋ᠦᠩ ᠢ ᠮᠡᠳᠡᠭᠳᠡᠨ᠎ᠡ᠃      ︵ᠲᠠᠪᠤ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠳᠣᠤᠷᠠᠬᠢ ᠮᠡᠲᠦ ᠬᠢᠨᠠᠨ ᠪᠣᠳᠣᠯᠲᠠ ᠶᠢ ᠰᠢᠭᠤᠳ ᠬᠢᠨ᠎ᠡ᠄ ︵1︶ ᠬᠤᠲᠠ ᠶᠢᠨ ᠲᠣᠰ ᠱᠠᠲᠤ ᠵᠢᠴᠢ ᠨᠡᠭᠡᠭᠡᠯᠲᠡ ᠶᠢᠨ ᠲᠣᠭᠤᠷᠢᠭ ᠤᠨ ᠲᠥᠰᠦᠪ ᠤᠨ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠲᠠ ᠶᠢᠨ ᠲᠣᠰ ᠱᠠᠲᠤ ᠵᠢᠴᠢ ᠨᠡᠭᠡᠭᠡᠯᠲᠡ ᠶᠢᠨ ᠲᠣᠭᠤᠷᠢᠭ ᠤᠨ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ︶ ᠤᠨ ᠲᠥᠰᠦᠪ ᠤᠨ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠃ ︵2︶ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠨᠡᠭᠡᠭᠡᠯᠲᠡ ᠶᠢᠨ ᠲᠣᠭᠤᠷᠢᠭ ᠤᠨ ᠲᠥᠰᠦᠪ ᠤᠨ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ᠃ ︵3︶ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠪᠣᠯᠣᠨ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ ︵4︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠤᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠤᠨ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠃ ︵5︶ ᠬᠤᠲᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯ ᠤᠨ ᠬᠥᠷᠥᠩᠭᠡ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠣᠯᠣᠨ ᠣᠯᠵᠠᠪᠤᠷᠢ ᠠᠯᠳᠠᠪᠤᠷᠢ ᠶᠢᠨ ᠪᠠᠶᠢᠳᠠᠯ᠃ ︵6︶ ᠬᠤᠲᠠ ᠶᠢᠨ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠪᠠ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ ᠠᠴᠠ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠪᠡᠯᠡ ᠮᠥᠩᠭᠦ᠂ ᠨᠡᠶᠢᠭᠡᠮ ᠠᠴᠠ ᠬᠠᠨᠳᠢᠪᠯᠠᠭᠰᠠᠨ ᠪᠡᠯᠡ ᠮᠥᠩᠭᠦ ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ ︵7︶ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠲᠥᠷᠥᠯ ᠵᠦᠢᠯ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ ︵8︶ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠡᠷᠬᠡ ᠣᠯᠭᠤᠵᠤ ᠬᠢᠨᠠᠨ ᠪᠣᠳᠣᠭᠤᠯᠤᠭᠰᠠᠨ ᠪᠤᠰᠤᠳ ᠬᠢᠨᠠᠨ ᠪᠤᠳᠤᠬᠤ ᠵᠦᠢᠯᠡᠰ ᠪᠣᠯᠣᠨ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ᠃ ︵9︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠬᠤ ᠲᠣᠪᠴᠢᠶ᠎ᠠ ᠠᠴᠠ ᠬᠢᠬᠦ ᠶᠣᠰᠣᠲᠠᠶ ᠬᠢᠨᠠᠨ ᠪᠣᠳᠣᠯᠲᠠ᠃      ︵ᠵᠢᠷᠭᠤᠭ᠎ᠠ︶ ᠲᠣᠭᠲᠠᠭᠠᠯ ᠶᠣᠰᠣᠭᠠᠷ ᠬᠤᠲᠠ ᠶᠢᠨ ᠡᠯ᠎ᠡ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢ ᠶᠣᠰᠣᠭᠠᠷ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠵᠦ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠪᠤᠰᠤᠳ ᠨᠢᠭᠡᠴᠢ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠨ᠎ᠡ᠃      ︵ᠳᠣᠯᠤᠭ᠎ᠠ︶ ᠤᠯᠤᠰ ᠤᠨ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠣᠯᠤᠨ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠤᠶᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠲᠤ ᠠᠵᠢᠯ ᠲᠥᠷᠥᠯ ᠤᠨ ᠬᠢᠨᠠᠨ ᠪᠣᠳᠣᠯᠲᠠ᠂ ᠲᠤᠰᠬᠠᠶ ᠵᠦᠢᠯ ᠤᠨ ᠬᠢᠨᠠᠨ ᠪᠣᠳᠣᠯᠲᠠ ᠪᠠ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠨᠠᠢᠮᠠ︶ ᠬᠢᠨᠠᠨ ᠪᠣᠳᠣᠬᠤ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠰᠢᠮᠳᠠᠭᠤᠯᠤᠨ ᠵᠠᠯᠠᠷᠠᠭᠤᠯᠬᠤ ᠪᠠ ᠰᠢᠢᠳᠪᠦᠷᠢᠯᠡᠵᠦ᠂ ᠬᠢᠨᠠᠨ ᠪᠣᠳᠣᠭᠤᠯᠵᠤ ᠪᠠᠶᠢᠭ᠎ᠠ ᠨᠢᠭᠡᠴᠢ ᠶᠢᠨ ᠬᠢᠨᠠᠨ ᠪᠣᠳᠣᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠬᠦ᠂ ᠵᠠᠰᠠᠭ ᠵᠠᠬᠢᠷᠭᠠᠨ ᠤ ᠵᠠᠷᠭᠤ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠰᠤᠯᠤᠨ ᠲᠣᠭᠲᠠᠭᠠᠯᠲᠠ ᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠭᠦᠢᠴᠡᠳᠬᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠢ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃      ︵ᠶᠢᠰᠦ︶ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠢ ᠳᠤ ᠬᠢᠵᠦ ᠥᠭᠭᠦᠭᠰᠡᠨ ᠬᠠᠮᠢᠶ᠎ᠠ ᠪᠦᠬᠦᠢ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠬᠢᠨᠠᠨ ᠰᠢᠯᠭᠠᠨ᠎ᠠ᠃      ︵ᠠᠷᠪᠠ︶ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠬᠤᠰᠢᠭᠤ ᠰᠢᠶᠠᠨ ᠲᠣᠭᠤᠷᠢᠭ ᠤᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢ ᠤᠳᠤᠷᠢᠳᠤᠨ᠎ᠠ᠃ ᠬᠤᠰᠢᠭᠤ ᠰᠢᠶᠠᠨ ᠲᠣᠭᠤᠷᠢᠭ ᠤᠨ ᠬᠢᠨᠠᠨ ᠪᠣᠳᠣᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠬᠢᠨᠠᠯᠲᠠ ᠲᠠᠯᠪᠢᠵᠤ᠂ ᠬᠤᠰᠢᠭᠤ ᠰᠢᠶᠠᠨ ᠲᠣᠭᠤᠷᠢᠭ ᠤᠨ ᠬᠢᠨᠠᠨ ᠪᠣᠳᠣᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠪᠠᠶᠢᠭᠠᠳ ᠣᠨᠴᠠ ᠲᠣᠭᠲᠠᠭᠰᠠᠨ ᠲᠥᠷᠥᠯ ᠵᠦᠢᠯ ᠤᠨ ᠲᠤᠰᠬᠠᠢ ᠵᠦᠢᠯ ᠤᠨ ᠬᠢᠨᠠᠨ ᠪᠣᠳᠣᠬᠤ ᠪᠤᠶᠤ ᠬᠢᠨᠠᠨ ᠪᠣᠳᠣᠬᠤ ᠪᠠᠶᠢᠴᠠᠭᠠᠯᠲᠠ ᠶᠢ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠤᠯᠤᠰ ᠤᠨ ᠲᠣᠭᠲᠠᠭᠠᠯ ᠠᠴᠠ ᠵᠥᠷᠢᠴᠡᠭᠰᠡᠨ ᠬᠢᠨᠠᠨ ᠪᠣᠳᠣᠬᠤ ᠲᠣᠭᠲᠠᠭᠠᠯ ᠢ ᠵᠠᠯᠠᠷᠠᠭᠤᠯᠬᠤ ᠪᠤᠶᠤ ᠵᠠᠷᠯᠢᠭᠳᠠᠵᠤ ᠪᠠᠶᠢᠭᠠᠳ ᠵᠠᠯᠠᠷᠠᠭᠤᠯᠤᠨ᠎ᠠ᠃ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠬᠠᠮᠵᠢᠯᠴᠠᠨ ᠬᠠᠮᠢᠶᠠᠷᠤᠨ᠎ᠠ᠃      ︵ᠠᠷᠪᠠᠨ ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠵᠦᠢᠯᠡᠰ  ᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号