ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ | ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠭᠡᠪᠡᠯ᠄ | ︵ᠨᠢᠭᠡ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠪᠠ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠤᠯ ᠦᠭᠡᠢ | ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ | ᠪᠦᠬᠦᠢ ᠠᠵᠤ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ᠂ | ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠳᠦᠷᠢᠮ ᠲᠣᠭᠲᠠᠭᠠᠯ ᠪᠠ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠭᠤᠷᠪᠠ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠡ᠊ᠨᠳᠡᠯ ᠤᠨ ᠭᠠᠶ ᠭᠠᠮᠰᠢᠭ ᠪᠠ ᠪᠠᠶᠢᠭᠠᠯᠢ ᠶᠢᠨ | ᠭᠠᠶ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯ ᠦᠭᠡᠢ | ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠶ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ | ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠬᠤ | ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ | ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢᠨ ᠠᠵᠢᠯ ᠢ ᠲᠦᠯᠬᠢᠨ ᠠᠬᠢᠭᠤᠯᠵᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ | ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠰᠤᠷᠪᠤᠯᠵᠢ ᠶᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ | ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | ︵ᠲᠠᠪᠤ︶ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ | ᠲᠥᠷᠥᠯ ᠵᠡᠷᠭᠡ ᠭᠡᠨᠡᠳᠲᠡ ᠡᠭᠦᠰᠦᠭᠰᠡᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠵᠣᠬᠢᠴᠠᠭᠤᠯᠵᠤ᠂ ᠪᠦᠬᠦ ᠬᠤᠲᠠ ᠶᠢᠨ ᠬᠦᠨᠳᠦ ᠶᠡᠭᠡ ᠭᠠᠢ | ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ | ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢ ᠬᠠᠮᠵᠢᠨ | ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠬᠤ ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ | ᠲᠠᠪᠴᠠᠩ ᠢ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠭᠤᠯᠤᠨ ᠮᠠᠨ ᠤ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠦᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠭᠠᠯ ᠰᠡᠷᠭᠡᠢᠯᠡᠬᠦ᠂ ᠣᠢ ᠰᠢᠭᠤᠢ ᠪᠠ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ᠂ ᠦᠶᠡᠷ ᠲᠠᠢ ᠲᠡᠮᠡᠴᠡᠨ | ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠵᠦᠢ ᠶᠢᠨ ᠭᠠᠢ ᠭᠠᠮᠰᠢᠭ ᠠᠴᠠ ᠠᠪᠤᠷᠠᠨ ᠲᠤᠰᠠᠯᠠᠬᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠠᠯ ᠤᠨ ᠠᠪᠤᠷᠠᠨ ᠲᠤᠰᠠᠯᠠᠬᠤ ᠵᠡᠷᠭᠡ ᠲᠤᠰᠬᠠᠢ ᠮᠡᠷᠭᠡᠵᠢᠯ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠵᠢᠯᠣᠭᠤᠳᠴᠤ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠳᠣᠯᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠬᠤᠲᠠ ᠶᠢᠨ ᠭᠠᠯ ᠰᠡᠷᠭᠡᠶᠢᠯᠡᠬᠦ ᠳᠤ ᠬᠢᠨᠠᠯᠲᠠ | ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠠᠶᠤᠯ ᠢ ᠤᠨᠲᠠᠷᠠᠭᠠᠨ ᠠᠪᠤᠷᠠᠬᠤ ᠵᠡᠷᠭᠡ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠪᠦᠬᠦ ᠬᠤᠲᠠ ᠶᠢᠨ ᠣᠢ ᠰᠢᠭᠤᠶ ᠪᠠ ᠲᠠᠯ᠎ᠠ ᠨᠤᠲᠤᠭ ᠤᠨ ᠭᠠᠯ ᠤᠨ ᠠᠶᠤᠯ᠂ ᠦᠶᠡᠷ ᠪᠠ | ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠵᠦᠢ ᠶᠢᠨ ᠭᠠᠢ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ | ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠬᠤᠲᠠ ᠶᠢᠨ ᠪᠠᠶᠢᠭᠠᠯᠢ ᠶᠢᠨ ᠭᠠᠶ ᠭᠠᠮᠰᠢᠭ ᠢ ᠶᠡᠷᠦᠩᠬᠡᠶᠢᠯᠡᠨ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠬᠤᠲᠠ ᠶᠢᠨ ᠪᠠᠶᠢᠭᠠᠯᠢ ᠶᠢᠨ ᠭᠠᠶ ᠭᠠᠮᠰᠢᠭ ᠤᠨ | ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ | ︵ᠶᠢᠰᠦ︶ ᠪᠦᠬᠦ ᠬᠤᠲᠠ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ | ᠂ ᠭᠠᠮᠰᠢᠭ ᠠᠴᠠ ᠠᠪᠤᠷᠠᠨ ᠲᠤᠰᠠᠯᠠᠵᠤ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ | ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ᠃ | ︵ᠠᠷᠪᠠ︶ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠪᠣᠯᠤᠨ ᠨᠡᠭᠡᠭᠡᠯᠲᠡ ᠶᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ ᠤᠨ | ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠱᠠᠲᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠤᠨ ᠶᠣᠰᠣᠭᠠᠷ᠂ ᠠᠵᠤ | ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ | ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ | ᠪᠠᠶᠢᠳᠠᠯ ᠵᠢᠴᠢ ᠲᠡᠭᠦᠨ ᠤ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ | ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠢ︶᠂ ᠮᠠᠲ᠋ᠧᠷᠢᠶᠠᠯ᠂ ᠬᠥᠳᠡᠯᠮᠦᠷᠢ ᠶᠢᠨ | ᠬᠠᠮᠠᠭᠠᠯᠠᠯᠲᠠ ᠶᠢᠨ ᠡᠳ᠋ᠯᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ | ᠬᠢᠨᠠᠯᠲᠠ ᠲᠠᠯᠪᠢᠨ ᠪᠠᠶᠢᠴᠠᠭᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠳᠦᠷᠢᠮ ᠢ | ᠬᠡᠷᠡᠭᠵᠢᠭᠦᠯᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠦᠭᠡᠳ ᠵᠢᠯᠣᠭᠤᠳᠬᠤ ᠪᠠ ᠬᠢᠨᠠᠯᠲᠠ ᠲᠠᠯᠪᠢᠨ᠎ᠡ᠃ | ᠪᠦᠬᠦ ᠬᠤᠲᠠ ᠶᠢᠨ ᠠᠶᠤᠯᠲᠠᠶ ᠬᠢᠮᠢ ᠶᠢᠨ ᠪᠣᠳᠠᠰ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠦᠢᠯᠡᠳᠪᠦᠷᠢᠯᠡᠯ ᠤᠨ ᠠᠮᠤᠷ ᠲᠥᠪᠰᠢᠨ ᠤ ᠠᠳᠡᠯ ᠢ ᠪᠠᠶᠢᠴᠠᠭᠠᠨ ᠰᠶᠢᠳᠪᠦᠷᠢᠯᠡᠬᠦ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠶᠢᠳᠪᠦᠷᠢᠯᠡᠬᠦ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ | ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠠᠷᠪᠠᠨ ᠭᠤᠷᠪᠠ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ | ᠨᠥᠭᠡᠴᠡᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ | ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠶ ᠲᠣᠬᠢᠷᠠᠭᠤᠯᠤᠨ᠎ᠠ᠃ | ︵ᠠᠷᠪᠠᠨ ᠳᠥᠷᠪᠡ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ | ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠠᠷᠪᠠᠨ ᠲᠠᠪᠤ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |