ᠬᠦᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠰᠣᠶᠣᠯ ᠪᠠ ᠵᠢᠭᠤᠯᠴᠢᠯᠠᠯ᠂ | ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ | ᠴᠢᠭᠯᠡᠯᠲᠡ ᠲᠥᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ | ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠰᠣᠶᠣᠯ ᠪᠠ | ᠵᠢᠭᠤᠯᠴᠢᠯᠠᠯ᠂ ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠳᠠᠬᠢ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠪᠥᠬᠦ ᠬᠤᠲᠠ ᠶᠢᠨ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠰᠦᠯᠵᠢᠶᠡᠨ ᠤ ᠦᠵᠡᠭᠦᠯᠵᠦ | ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ ᠤ ᠬᠠᠮᠢᠶᠠᠷᠤᠯᠲᠠ᠂ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ | ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ᠎ᠠ᠃ ᠷᠠᠳᠢᠣ᠋ | ᠲᠧᠯᠸᠢᠰ ᠤᠨ ᠹᠷᠣᠨᠲ ᠤᠨ ᠷᠠᠳᠢᠣ᠋ ᠲᠧᠯᠸᠢᠰ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ | ᠲᠦᠪᠰᠢᠨ ᠪᠠ ᠳᠠᠮᠵᠢᠭᠤᠯᠭ᠎ᠠ᠂ ᠨᠡᠪᠲᠡᠷᠡᠭᠦᠯᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠥᠪ | ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃ | ︵ᠬᠤᠶᠠᠷ︶ ᠰᠣᠶᠣᠯ᠂ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ ᠶᠢᠨ ᠬᠠᠮᠢᠶᠠᠷᠤᠯᠲᠠ ᠶᠢᠨ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠣᠭᠲᠠᠭᠠᠯ ᠶᠣᠰᠣᠭᠠᠷ | ᠬᠠᠷᠢᠭᠤᠴᠠᠨ ᠲᠤᠭᠤᠷᠪᠢᠨ᠎ᠠ᠃ ᠰᠣᠶᠣᠯ ᠤᠨ ᠦᠶᠯᠡᠰ᠂ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠷᠠᠳᠢᠣ᠋ ᠲᠧᠯᠸᠢᠰ ᠪᠣᠯᠤᠨ ᠰᠦᠯᠵᠢᠶᠡᠨ ᠤ | ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ ᠤ ᠬᠠᠮᠢᠶᠠᠷᠤᠯᠲᠠ ᠶᠢᠨ ᠬᠠᠤᠯᠢ ᠲᠣᠭᠲᠠᠭᠠᠯ᠂ ᠠᠵᠢᠯ | ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ | ᠬᠠᠷᠢᠭᠤᠴᠠᠨ᠎ᠠ᠃ ᠪᠦᠬᠦ ᠬᠤᠲᠠ ᠶᠢᠨ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ ᠤᠨ ᠬᠦᠷᠢᠶ᠎ᠡ ᠬᠡᠪᠴᠢᠶᠡᠨ ᠳᠠᠬᠢ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ︵ᠭᠤᠷᠪᠠ︶ ᠪᠥᠬᠦ ᠬᠤᠲᠠ ᠶᠢᠨ ᠴᠢᠨᠠᠷᠲᠠᠶ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠬᠠᠮᠢᠶᠠᠷᠴᠤ᠂ | ᠭᠤᠤᠯᠳᠠᠯᠭ᠎ᠠ ᠲᠠᠢ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠪᠥᠬᠦ ᠬᠤᠲᠠ | ᠶᠢᠨ ᠰᠣᠶᠣᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ᠎ᠠ᠃ | ᠰᠣᠶᠣᠯ ᠤᠨ ᠠᠵᠤ ᠦᠶᠯᠡᠰ᠂ ᠵᠢᠭᠤᠯᠴᠢᠯᠠᠯ ᠤᠨ ᠠᠵᠤ ᠦᠢᠯᠡᠰ ᠤᠨ ᠭᠠᠳᠠᠭᠠᠳᠤ ᠬᠠᠮᠲᠤᠷᠠᠯᠴᠠᠭ᠎ᠠ ᠪᠣᠯᠣᠨ ᠵᠠᠬ᠎ᠠ | ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ | ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠤᠨ᠎ᠠ᠃ | ︵ᠳᠥᠷᠪᠡ︶ ᠤᠳᠬ᠎ᠠ ᠤᠷᠠᠯᠢᠭ ᠤᠨ ᠦᠶᠯᠡᠰ ᠢ ᠵᠢᠯᠣᠭᠤᠳᠴᠤ ᠬᠠᠮᠢᠶᠠᠷᠤᠨ᠎ᠠ᠃ ᠤᠳᠬ᠎ᠠ ᠵᠣᠬᠢᠶᠠᠯ | ᠤᠷᠠᠯᠢᠭ ᠤᠨ ᠵᠣᠬᠢᠶᠠᠨ ᠪᠦᠲᠦᠭᠡᠬᠦ ᠪᠠ ᠦᠢᠯᠡᠳᠬᠦ ᠶᠢ ᠵᠢᠯᠣᠭᠤᠳᠴᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ | ᠤᠨ ᠦᠵᠡᠯᠲᠡ ᠶᠢ ᠬᠠᠷᠠᠭᠤᠯᠤᠭᠰᠠᠨ᠂ ᠬᠥᠲᠥᠯᠥᠨ ᠵᠢᠯᠣᠭᠤᠳᠬᠤ ᠴᠢᠨᠠᠷᠲᠠᠢ ᠲᠥᠯᠥᠭᠡᠯᠡᠬᠦ ᠴᠢᠨᠠᠷᠲᠠᠶ ᠵᠢᠱᠢᠶ᠎ᠡ | ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠠᠮᠵᠢᠵᠤ᠂ ᠡᠯ᠎ᠡ ᠲᠥᠷᠥᠯ ᠵᠦᠢᠯ ᠤᠨ | ᠤᠷᠠᠯᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠤᠯᠠᠭᠠᠨᠮᠥ᠋ᠴᠢᠷ ᠤᠨ ᠦᠢᠯᠡᠰ ᠤᠨ | ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ | ︵ᠲᠠᠪᠤ︶ ᠪᠦᠬᠦ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ | ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ | ᠰᠣᠶᠣᠯ ᠤᠨ ᠦᠨᠳᠦᠰᠦᠨ ᠦᠶᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠪᠦᠬᠦ ᠬᠤᠲᠠ ᠶᠢᠨ ᠷᠠᠳᠢᠣ᠋ ᠲᠧᠯᠸᠢᠰ ᠤᠨ ᠬᠦᠷᠢᠶ᠎ᠡ ᠬᠡᠪᠴᠢᠶᠡᠨ ᠳᠠᠬᠢ ᠣᠯᠠᠨ ᠨᠡᠶᠢᠲᠡ | ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠷᠠᠳᠢᠣ᠋ ᠲᠧᠯᠸᠢᠰ ᠤᠨ ᠴᠢᠬᠤᠯᠠ ᠶᠡᠭᠡ ᠢᠨᠵᠧᠨᠧᠷᠢᠩ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠷᠠᠳᠢᠣ᠋ ᠲᠧᠯᠸᠢᠰ ᠤᠨ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ | ᠲᠧᠯᠸᠢᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠲᠡᠳᠬᠦᠨ ᠳᠠᠮᠵᠢᠨ᠎ᠠ᠃ ᠪᠦᠬᠦ ᠬᠤᠲᠠ ᠶᠢᠨ ᠲᠡᠤᠬᠡ | ᠶᠢᠨ ᠳᠤᠷᠠᠰᠬᠠᠯᠲᠤ ᠵᠦᠢᠯᠡᠰ ᠪᠠ ᠮᠦᠽᠧᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ | ᠮᠦᠽᠧᠢ ᠶᠢᠨ ᠲᠤᠬᠠᠶᠢᠯᠠᠭᠰᠠᠨ ᠠᠵᠢᠯ ᠢ ᠵᠢᠯᠣᠭᠤᠳᠴᠤ᠂ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠵᠣᠬᠢᠴᠠᠭᠤᠯᠤᠨ᠎ᠠ᠃ | ︵ᠵᠢᠷᠭᠤᠭ᠎ᠠ︶ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ ᠤᠨ ᠬᠦᠷᠢᠶᠡᠨ ᠳᠠᠬᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠬᠥᠭᠵᠢᠯᠲᠡ ᠶᠢ ᠵᠢᠯᠣᠭᠤᠳᠤᠨ ᠠᠬᠢᠭᠤᠯᠵᠤ᠂ ᠰᠣᠶᠣᠯ ᠪᠠ ᠵᠢᠭᠤᠯᠴᠢᠯᠠᠯ | ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠪᠦᠬᠦ ᠬᠤᠲᠠ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠷᠠᠳᠢᠣ᠋ | ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠤᠨ ᠳᠠᠮᠵᠢᠯᠭᠠᠨ ᠤ ᠪᠦᠷᠬᠦᠴᠡ᠂ ᠬᠢᠨᠠᠨ ᠬᠡᠮᠵᠢᠯᠲᠡ ᠪᠠ ᠠᠶᠤᠯ ᠦᠭᠡᠢ | ᠨᠡᠪᠲᠡᠷᠡᠭᠦᠯᠭᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠡᠦᠬᠡ ᠶᠢᠨ ᠳᠤᠷᠠᠰᠬᠠᠯᠲᠤ ᠵᠦᠶᠯ ᠪᠣᠯᠣᠨ | ᠮᠦᠽᠧᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢᠵᠢᠯᠲᠠ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠡᠦᠬᠡ | ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠬᠦ ᠶᠢ | ᠠᠬᠢᠭᠤᠯᠤᠨ᠎ᠠ᠃ | ︵ᠳᠣᠯᠤᠭ᠎ᠠ︶ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ | ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ | ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ︵ᠨᠠᠶᠮᠠ︶ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ ᠠᠵᠤ ᠦᠶᠯᠡᠰ ᠢ ᠨᠢᠭᠡᠳᠦᠯᠲᠡᠶ | ᠲᠥᠯᠥᠪᠯᠡᠨ ᠲᠥᠯᠥᠪᠵᠢᠭᠦᠯᠵᠦ᠂ ᠰᠣᠶᠣᠯ ᠪᠣᠯᠤᠨ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ | ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠠᠵᠤ | ᠦᠶᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠡᠦᠬᠡ ᠶᠢᠨ | ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ | ᠃ ᠳᠡᠯᠡᠬᠡᠶ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ | ᠲᠣᠰᠬᠤᠨ︶᠂ ᠤᠯᠠᠮᠵᠢᠯᠠᠯᠲᠤ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠶᠢᠰᠦ︶ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ | ᠪᠠ ᠵᠢᠭᠤᠯᠴᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ | ᠤᠨ ᠬᠢᠨᠠᠯᠲᠠ ᠬᠠᠮᠢᠶᠠᠷᠤᠯᠲᠠ ᠬᠢᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ | ᠬᠠᠤᠯᠢ ᠶᠣᠰᠣᠭᠠᠷ ᠵᠢᠷᠤᠮᠵᠢᠭᠤᠯᠤᠨ᠎ᠠ᠃ | ︵ᠠᠷᠪᠠ︶ ᠪᠦᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯ ᠢ ᠵᠢᠯᠣᠭᠤᠳᠤᠨ ᠬᠢᠨᠠᠨ ᠬᠠᠮᠢᠶᠠᠷᠤᠨ᠎ᠠ᠃ ᠪᠦᠷᠢᠨ ᠴᠢᠨᠠᠷ ᠪᠦᠬᠦᠢ᠂ ᠣᠷᠣᠨ ᠪᠦᠰᠡ ᠠᠯᠤᠰᠯᠠᠭᠰᠠᠨ ᠰᠣᠶᠣᠯ᠂ | ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠵᠠᠬ᠎ᠠ ᠳᠡᠯᠭᠡᠭᠦᠷ | ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠵᠦ᠂ | ᠴᠢᠬᠤᠯᠠ ᠶᠡᠭᠡ ᠬᠡᠷᠡᠭ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠶᠳᠪᠦᠷᠢᠯᠡᠭᠦᠯᠵᠦ᠂ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠬᠠᠮᠠᠭᠠᠯᠠᠨ᠎ᠠ᠃ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠤᠯᠢ ᠶᠢ ᠵᠥᠷᠢᠴᠡᠭᠰᠡᠨ ᠬᠦᠨᠳᠦ | ᠶᠡᠭᠡ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠰᠢᠶᠳᠪᠦᠷᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ | ᠵᠦᠶᠯᠡᠰ ᠤᠨ ᠶᠠᠯᠠᠲᠤ ᠬᠡᠷᠡᠭ ᠢ ᠪᠠᠶᠢᠴᠠᠭᠠᠨ ᠰᠢᠶᠳᠪᠦᠷᠢᠯᠡᠨ᠎ᠡ᠃ | ︵ᠠᠷᠪᠠᠨ ᠨᠢᠭᠡ ︶ ᠰᠣᠶᠣᠯ ᠪᠠ ᠵᠢᠭᠤᠯᠴᠢᠯᠠᠯ ᠢ ᠵᠢᠯᠣᠭᠤᠳᠤᠨ ᠬᠠᠮᠢᠶᠠᠷᠴᠤ ᠭᠠᠳᠠᠭᠠᠳᠤ ᠬᠢᠭᠡᠳ | ᠰᠦᠯᠵᠢᠶᠡᠨ ᠤ ᠰᠣᠯᠢᠯᠴᠠᠭ᠎ᠠ ᠬᠢᠵᠦ ᠬᠤᠷᠰᠢᠯᠴᠠᠬᠤ ᠪᠠ ᠤᠬᠠᠭᠤᠯᠤᠨ ᠳᠡᠯᠭᠡᠷᠡᠭᠦᠯᠬᠦ ᠠᠵᠢᠯ ᠢ ᠥᠷᠨᠢᠭᠦᠯᠵᠦ᠂ | ᠰᠣᠶᠣᠯ ᠪᠠ ᠵᠢᠭᠤᠯᠴᠢᠯᠠᠯ ᠤᠨ ᠭᠠᠳᠠᠭᠠᠳᠤ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ | ᠬᠢᠬᠦ ᠲᠣᠮᠣ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠷᠠᠳᠢᠣ᠋ ᠲᠧᠯᠸᠢᠰ ᠤᠨ ᠭᠠᠳᠠᠭᠰᠢ | ᠳᠠᠮᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠷᠠᠳᠢᠣ᠋ ᠨᠡᠪᠲᠡᠷᠡᠭᠦᠯᠭᠡ | ᠲᠧᠯᠸᠢᠰ ᠤᠨ ᠫᠷᠦᠭᠷᠡᠮ ᠢ ᠭᠠᠳᠠᠭᠠᠳᠤ ᠠᠴᠠ ᠣᠷᠣᠭᠤᠯᠬᠤ᠂ ᠬᠤᠷᠢᠶᠠᠨ ᠰᠢᠩᠭᠡᠭᠡᠬᠦ ᠪᠠ ᠬᠠᠮᠢᠶᠠᠷᠬᠤ ᠶᠢ | ᠬᠠᠷᠢᠭᠤᠴᠠᠨ᠎ᠠ᠃ ᠲᠡᠦᠬᠡ ᠶᠢᠨ ᠳᠤᠷᠠᠰᠬᠠᠯᠲᠤ ᠵᠦᠶᠯ ᠪᠠ ᠮᠦᠽᠧᠶ ᠶᠢᠨ ᠭᠠᠳᠠᠭᠠᠳᠤ ᠯᠤᠭ᠎ᠠ ᠵᠢᠴᠢ ᠰᠢᠶᠠᠩᠭᠠᠩ | ᠣᠣᠮᠧᠨ ᠲᠠᠶᠢᠸᠠᠨ ᠯᠤᠭ᠎ᠠ ᠶᠢᠨ ᠲᠡᠦᠬᠡ ᠶᠢᠨ ᠳᠤᠷᠠᠰᠬᠠᠯᠲᠤ ᠵᠦᠶᠯ ᠤᠨ ᠰᠣᠯᠢᠯᠴᠠᠭ᠎ᠠ ᠬᠢᠭᠡᠳ ᠬᠤᠷᠰᠢᠯᠴᠠᠭ᠎ᠠ | ᠬᠢᠬᠦ ᠶᠢ ᠨᠢ ᠬᠠᠮᠢᠶᠠᠷᠤᠨ ᠵᠢᠯᠣᠭᠤᠳᠴᠣ᠂ ᠲᠡᠦᠬᠡ ᠶᠢᠨ ᠳᠤᠷᠠᠰᠬᠠᠯᠲᠤ ᠵᠦᠶᠯ ᠢ ᠬᠢᠯᠢ ᠪᠠᠷ ᠣᠷᠣᠭᠤᠯᠵᠤ ᠭᠠᠷᠭᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠥᠬᠦ ᠬᠤᠲᠠ ᠶᠢᠨ ᠷᠠᠳᠢᠣ᠋ ᠲᠧᠯᠸᠢᠰ ᠤᠨ ᠬᠦᠷᠢᠶ᠎ᠡ ᠴᠠᠷᠠᠭᠠᠨ ᠳᠠᠬᠢ ᠠᠵᠤ ᠦᠢᠯᠡᠰ | ᠤᠨ ᠬᠥᠭᠵᠢᠯᠲᠡ ᠶᠢ ᠵᠢᠯᠣᠭᠤᠳᠴᠤ ᠵᠣᠬᠢᠴᠠᠭᠤᠯᠤᠨ ᠠᠬᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠲᠣᠭᠲᠠᠭᠠᠵᠤ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠡᠯ᠎ᠡ | ᠲᠥᠷᠥᠯ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ ᠤ ᠪᠠᠶᠢᠭᠤᠯᠤᠮᠵᠢ ᠳᠤ | ᠬᠠᠮᠢᠶᠠᠷᠤᠯᠲᠠ ᠬᠢᠵᠦ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠨ᠎ᠡ᠃ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ᠂ ᠰᠦᠯᠵᠢᠶᠡᠨ ᠤ | ᠦᠵᠡᠭᠦᠯᠵᠦ ᠰᠣᠨᠣᠰᠬᠠᠬᠤ ᠫᠷᠤᠭ᠍ᠷᠠᠮ ᠤᠨ ᠠᠭᠤᠯᠭ᠎ᠠ ᠪᠠ ᠶᠠᠰᠤ ᠴᠢᠨᠠᠷ ᠢ ᠬᠢᠨᠠᠨ ᠬᠠᠮᠢᠶᠠᠷᠬᠤ ᠪᠠ ᠬᠢᠨᠠᠨ | ᠪᠠᠶᠢᠴᠠᠭᠠᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠨᠡᠪᠲᠡᠷᠡᠭᠦᠯᠬᠦ ᠶᠢ ᠵᠢᠯᠣᠭᠤᠳᠴᠤ᠂ ᠬᠢᠨᠠᠨ ᠬᠠᠮᠢᠶᠠᠷᠤᠨ᠎ᠠ᠃ ᠪᠥᠬᠦ | ᠬᠤᠲᠠ ᠶᠢᠨ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠷᠠᠳᠢᠣ᠋ ᠲᠧᠯᠸᠢᠰ ᠤᠨ ᠰᠦᠯᠵᠢᠶ᠎ᠡ ᠬᠢᠭᠡᠳ ᠴᠠᠬᠢᠯᠭᠠᠨ | ᠬᠤᠯᠪᠣᠭᠠᠨ ᠤ ᠰᠦᠯᠵᠢᠶ᠎ᠡ᠂ ᠢᠨᠲ᠋ᠧᠷ ᠰᠦᠯᠵᠢᠶ᠎ᠡ ᠭᠤᠷᠪᠠᠨ ᠰᠦᠯᠵᠢᠶᠡᠨ ᠤ ᠠᠭᠤᠰᠤᠯᠴᠠᠯ ᠢ ᠠᠬᠢᠭᠤᠯᠬᠤ ᠶᠢ | ᠬᠠᠷᠢᠭᠤᠴᠠᠨ᠎ᠠ᠃ | ︵ᠠᠷᠪᠠᠨ ᠭᠤᠷᠪᠠ︶ ᠪᠥᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ ᠶᠢᠨ ᠠᠵᠢᠯ ᠢ | ᠬᠠᠷᠢᠭᠤᠴᠠᠨ ᠵᠢᠯᠣᠭᠤᠳᠬᠤ ᠪᠠ ᠬᠠᠮᠢᠶᠠᠷᠴᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠶᠯᠡᠰ ᠤᠨ | ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠲᠦᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ | ᠱᠠᠲᠤᠨ ᠤ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠢᠶ᠎ᠠ | ᠪᠦᠬᠦᠢ ᠠᠵᠢᠯ ᠢ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠶᠢ ᠡᠭᠦᠷᠭᠡᠯᠡᠨ᠎ᠡ᠃ ᠲᠡᠦᠬᠡ ᠶᠢᠨ ᠳᠤᠷᠠᠰᠬᠠᠯᠲᠤ | ᠵᠦᠶᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠲᠡᠦᠬᠡ ᠶᠢᠨ | ᠳᠤᠷᠠᠰᠬᠠᠯᠲᠤ ᠵᠦᠶᠯ ᠪᠠ ᠮᠦᠽᠧᠶ ᠶᠢᠨ ᠬᠤᠯᠪᠣᠭᠳᠠᠯ ᠪᠦᠬᠦᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠳᠥᠷᠪᠡᠨ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |