ᠤᠰᠤᠨ ᠤ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠬᠦᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠨᠢ ᠤᠰᠤᠨ ᠤ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠤᠰᠤᠨ ᠤ ᠶᠠᠪᠤᠳᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ ᠪᠠᠲᠤᠯᠠᠨ᠎ᠠ ᠃ ᠪᠦᠬᠦ ᠬᠤᠲᠠ ᠶᠢᠨ ᠤᠰᠤᠨ ᠤ ᠶᠠᠪᠤᠳᠠᠯ ᠤᠨ ᠲᠥᠯᠥᠪᠵᠢᠭᠦᠯᠭᠡ ᠪᠠ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ  ᠤᠨ ᠲᠥᠰᠦᠯ ᠢ ᠲᠤᠭᠤᠷᠪᠢᠨ ᠪᠢᠴᠢᠨ᠎ᠡ᠃ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠭᠤᠣᠯ ᠨᠠᠭᠤᠷ ᠤᠨ ᠰᠠᠪᠠ ᠭᠠᠵᠠᠷ ᠤᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ᠂ ᠬᠤᠲᠠ  ᠶᠢᠨ ᠤᠰᠤ ᠬᠠᠩᠭᠠᠬᠤ ᠵᠡᠷᠭᠡ ᠲᠤᠰᠬᠠᠢ ᠲᠥᠯᠥᠪᠵᠢᠭᠦᠯᠭᠡ ᠵᠡᠷᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠠᠮᠢᠳᠤᠷᠠᠯ᠂ ᠦᠶᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠯᠡᠭᠡ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ︔ ᠤᠰᠤᠨ ᠤ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠪᠣᠯᠤᠨ ᠰᠢᠶᠠᠩ ᠪᠠᠯᠭᠠᠰᠤᠨ ᠤ ᠤᠰᠤ ᠬᠠᠩᠭᠠᠬᠤ ᠵᠠᠯᠠᠬᠤ ᠠᠵᠢᠯ ᠢ ᠵᠢᠯᠣᠭᠤᠳᠤᠨ᠎ᠠ᠃      ︵ᠭᠤᠷᠪᠠ︶ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠤᠰᠤᠨ ᠤ ᠶᠠᠪᠤᠳᠠᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠥᠷᠥᠯ ᠵᠦᠶᠯ ᠢ ᠬᠡᠷᠡᠭᠵᠢᠭᠦᠯᠬᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠳᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ  ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠠᠭᠠᠯᠠᠯᠲᠠ ᠵᠢᠴᠢ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠢ ᠪᠠᠶᠢᠴᠠᠭᠠᠨ ᠦᠨᠡᠯᠡᠬᠦ ᠬᠠᠮᠢᠶ᠎ᠠ ᠪᠦᠬᠦᠢ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ ᠲᠠᠪᠤ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃      ︵ᠵᠢᠷᠭᠤᠭ᠎ᠠ︶ ᠪᠦᠬᠦ ᠬᠤᠲᠠ ᠶᠢᠨ ᠤᠰᠤ ᠬᠠᠩᠭᠠᠬᠤ᠂ ᠤᠰᠤ ᠵᠠᠯᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠰᠤ ᠬᠠᠩᠭᠠᠬᠤ᠂ ᠤᠰᠤ ᠵᠠᠯᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤ ᠬᠠᠩᠭᠠᠬᠤ᠂ ᠤᠰᠤ ᠵᠠᠯᠠᠬᠤ ᠠᠵᠢᠯ ᠲᠥᠷᠥᠯ ᠤᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠠᠵᠢᠯ ᠲᠥᠷᠥᠯ ᠢ ᠵᠣᠬᠢᠶᠠᠨ ᠪᠠᠶᠢᠭᠤᠯᠤᠨ᠎ᠠ᠃      ︵ᠳᠣᠯᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠷᠤᠰᠬᠠᠯ ᠤᠨ ᠣᠷᠣᠨ ᠵᠢᠴᠢ ᠡᠷᠭᠢ ᠳᠠᠭᠠᠤ ᠶᠢᠨ ᠣᠷᠣᠨ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠪᠠ ᠬᠠᠮᠠᠭᠠᠯᠠᠬᠤ ᠶᠢ ᠵᠢᠯᠣᠭᠤᠳᠤᠨ᠎ᠠ ᠃ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ  ᠢ ᠵᠢᠯᠣᠭᠤᠳᠤᠨ᠎ᠠ᠃      ︵ᠨᠠᠶᠮᠠ︶ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠤᠰᠤ ᠬᠠᠩᠭᠠᠬᠤ᠂ ᠤᠰᠤ ᠵᠠᠯᠠᠬᠤ᠂ ᠪᠣᠬᠢᠷ ᠤᠰᠤ ᠶᠢ ᠰᠢᠶᠳᠪᠦᠷᠢᠯᠡᠬᠦ ᠵᠢᠴᠢ ᠳᠠᠬᠢᠯᠲᠠ ᠤᠰᠤ ᠶᠢ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ ᠤᠰᠤᠨ ᠤ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠦᠭᠡᠢ ᠳᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ ᠶᠢᠰᠦ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶ᠎ᠠ ᠪᠦᠬᠦᠢ ᠶᠡᠷᠦᠩᠬᠡᠶᠢᠯᠡᠭᠰᠡᠨ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠤᠰᠤᠨ ᠭᠠᠮᠰᠢᠭ ᠭᠠᠩ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠬᠤ ᠪᠠ ᠬᠡᠷᠡᠭᠵᠢᠭᠦᠯᠦᠨ᠎ᠡ᠃  ᠤᠰᠤᠳᠤᠯ ᠤᠨ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠴᠢᠬᠤᠯᠠ ᠭᠤᠣᠯ ᠮᠥᠷᠡᠨ ᠪᠣᠯᠤᠨ ᠴᠢᠬᠤᠯᠠ ᠤᠰᠤᠨ  ᠤ ᠢᠨᠵᠧᠨᠧᠷᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃       ︵ᠠᠷᠪᠠ︶ ᠬᠥᠷᠥᠰᠥ ᠰᠢᠷᠣᠶ ᠶᠢ ᠬᠠᠮᠠᠭᠠᠯᠠᠬᠤ ᠶᠢ ᠬᠠᠷᠢᠭᠤᠴᠠᠨ᠎ᠠ᠃ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠦᠶᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠨᠢᠭᠡ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃       ︵ᠠᠷᠪᠠᠨ ᠬᠤᠶᠠᠷ︶ ᠤᠰᠤᠨ ᠴᠥᠭᠦᠷᠥᠮ ᠤᠨ ᠰᠡᠭᠦᠯᠴᠢ ᠶᠢᠨ ᠬᠤᠭᠤᠴᠠᠭᠠᠨ ᠤ ᠲᠡᠳᠬᠦᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠲᠣᠰ ᠱᠠᠲᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠳᠠᠬᠢ ᠠᠷᠠᠳ ᠢ ᠨᠡᠭᠦᠯᠭᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠳᠠᠬᠢ ᠠᠷᠠᠳ ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ᠂ ᠰᠢᠯᠭᠠᠨ ᠠᠪᠬᠤ᠂ ᠬᠢᠨᠠᠯᠲᠠ ᠲᠠᠯᠪᠢᠵᠤ ᠦᠨᠡᠯᠡᠨ ᠵᠢᠱᠢᠬᠦ ᠵᠡᠷᠭᠡ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠭᠤᠷᠪᠠ︶ ᠪᠦᠬᠦ ᠬᠤᠲᠠ ᠶᠢᠨ ᠤᠰᠤᠨ ᠤ ᠶᠠᠪᠤᠳᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ ᠪᠠ ᠬᠥᠨᠳᠡᠯᠡᠨ ᠠᠴᠠ ᠲᠠᠰᠤᠯᠤᠨ ᠰᠢᠢᠳᠪᠦᠷᠢᠯᠡᠨ᠎ᠡ᠃       ︵ᠠᠷᠪᠠᠨ ᠳᠥᠷᠪᠡ︶ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠦᠷᠨᠢᠭᠦᠯᠦᠨ᠎ᠡ᠃ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠰᠤᠨ ᠤ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃      ︵ᠠᠷᠪᠠᠨ ᠲᠠᠪᠤ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号