ᠬᠦᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠶᠠᠪᠤᠴᠠ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠤᠭᠤᠷᠪᠢᠨ᠎ᠠ᠃ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠵᠤ᠂ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ | ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠠᠷᠠᠭᠠᠨ ᠤ ᠭᠦᠢᠯᠭᠡᠭᠡ ᠶᠢᠨ ᠦᠢᠯᠡᠰ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ | ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃ | ︵ᠬᠤᠶᠠᠷ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠳᠠ ᠶᠢᠨ ᠠᠵᠢᠯ | ᠳᠤ ᠬᠢᠨᠠᠯᠲᠠ ᠲᠠᠯᠪᠢᠨ ᠵᠢᠯᠣᠭᠤᠳᠤᠨ᠎ᠠ︔ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ᠂ ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ | ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠤᠨ᠎ᠠ︔ ᠵᠠᠮ ᠬᠠᠷᠢᠯᠴᠠᠭᠠᠨ ᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠣᠲᠣᠭᠠᠳᠤ ᠶᠢᠨ ᠬᠢᠨᠠᠨ ᠪᠣᠳᠣᠯᠲᠠ ᠶᠢ ᠵᠣᠬᠢᠶᠠᠨ | ᠪᠠᠶᠢᠭᠤᠯᠤᠨ᠎ᠠ︔ ᠵᠠᠰᠠᠭ ᠤᠨ ᠣᠷᠳᠣᠨ ᠤ ᠴᠢᠨᠠᠷᠲᠠᠶ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ᠎ᠡ︔ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ | ᠢ ᠬᠠᠷᠢᠭᠤᠴᠠᠨ᠎ᠠ᠃ | ︵ᠭᠤᠷᠪᠠ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠠᠵᠢᠯ ᠢ ᠬᠢᠨᠡᠨ ᠵᠢᠯᠣᠭᠤᠳᠤᠨ᠎ᠠ᠃ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ | ᠢᠨᠵᠧᠨᠧᠷᠢᠩ ᠤᠨ ᠬᠠᠮᠢᠶ᠎ᠠ ᠪᠦᠬᠦᠢ ᠵᠦᠶᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ | ᠶᠠᠪᠤᠳᠠᠯ᠂ ᠡᠵᠡᠩᠨᠡᠯᠲᠡ ᠶᠢᠨ ᠦᠶᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠤᠨ ᠡᠵᠡᠩᠨᠡᠯᠲᠡ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ | ᠵᠠᠮ ᠤᠨ ᠲᠣᠣᠷ ᠰᠦᠯᠵᠢᠶ᠎ᠡ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ | ᠠᠵᠢᠯ ᠢ ᠵᠢᠯᠣᠭᠤᠳᠤᠨ᠎ᠠ᠃ | ︵ᠳᠥᠷᠪᠡ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠣᠭᠲᠠᠭᠠᠭᠰᠠᠨ | ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠶᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ | ᠦᠨ᠎ᠡ ᠶᠢᠨ ᠨᠣᠷᠮ᠎ᠠ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ | ᠬᠢᠷᠢ ᠴᠢᠳᠠᠮᠵᠢ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠠᠨᠴᠢᠨ ᠤ | ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠨ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠠᠢ ᠥᠷᠲᠡᠭᠡ ᠶᠢᠨ | ᠡᠵᠡᠩᠨᠡᠯᠲᠡ᠂ ᠮᠠᠰᠢᠨᠲᠤ ᠬᠦᠳᠡᠯᠭᠡᠬᠦᠷᠳᠦ ᠲᠡᠷᠭᠡ ᠰᠡᠯᠪᠢᠨ ᠵᠠᠰᠠᠬᠤ᠂ ᠲᠡᠷᠭᠡ ᠬᠥᠰᠬᠡ ᠶᠢᠨ ᠶᠡᠷᠦᠩᠬᠡᠶᠢᠯᠡᠭᠰᠡᠨ | ᠴᠢᠳᠠᠪᠤᠷᠢ ᠶᠢ ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯ | ᠡᠷᠬᠢᠯᠡᠭᠴᠢᠳ ᠤᠨ ᠬᠠᠮᠢᠶᠠᠷᠤᠯᠲᠠ ᠵᠡᠷᠭᠡ ᠠᠵᠢᠯ ᠢ ᠬᠢᠨᠠᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ | ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠵᠡᠷᠭᠡ | ᠬᠤᠲᠠ ᠶᠢᠨ ᠠᠶᠠᠨᠴᠢᠨ ᠤ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠣᠩᠭᠤᠴᠠ ᠰᠠᠯ ᠢ ᠳᠠᠩᠰᠠᠯᠠᠬᠤ᠂ | ᠰᠢᠯᠭᠠᠨ ᠪᠠᠶᠢᠴᠠᠭᠠᠬᠤ ᠪᠠ ᠣᠩᠭᠤᠴᠠᠴᠢᠳ ᠢ ᠬᠠᠮᠢᠶᠠᠷᠬᠤ ᠠᠵᠢᠯ ᠢ ᠵᠢᠯᠣᠭᠤᠳᠴᠤ᠂ ᠵᠢᠭᠠᠰᠤᠨ ᠣᠩᠭᠤᠴᠠ ᠶᠢ | ᠰᠢᠯᠭᠠᠨ ᠪᠠᠶᠢᠴᠠᠭᠠᠬᠤ ᠶᠢᠨ ᠬᠠᠮᠲᠤ ᠡᠷᠬᠡ ᠶᠢᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠤᠨ᠎ᠠ᠃ | ︵ᠵᠢᠷᠭᠤᠭ᠎ᠠ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯ ᠦᠭᠡᠢ | ᠦᠶᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ | ᠠᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ | ᠣᠷᠣᠯᠴᠠᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯ ᠦᠭᠡᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ | ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠡᠳ᠋ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠪᠠᠴᠢᠮ | ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠳᠣᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠮᠠᠯ ᠵᠠᠮ ᠤᠰᠤᠨ ᠵᠠᠮ ᠤᠨ | ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ | ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠯᠭ᠎ᠠ ᠪᠠᠷ ᠭᠦᠶᠴᠡᠳᠬᠡᠬᠦ᠂ ᠪᠤᠰᠤᠳ ᠵᠠᠰᠠᠭ ᠵᠠᠬᠢᠷᠭᠠᠨ ᠤ ᠡᠷᠬᠡ | ᠵᠡᠷᠭᠡ ᠵᠠᠰᠠᠭ ᠵᠠᠬᠢᠷᠭᠠᠨ ᠤ ᠵᠦᠶᠯᠡᠰ ᠢ ᠡᠭᠦᠷᠭᠡᠯᠡᠨ᠎ᠡ᠃ ᠬᠠᠤᠯᠢ ᠴᠠᠭᠠᠵᠠ ᠬᠠᠤᠯᠢ ᠳᠦᠷᠢᠮ ᠲᠣᠭᠲᠠᠭᠠᠯ ᠪᠠ ᠬᠠᠷᠢᠶ᠎ᠠ | ᠬᠦᠷᠢᠶ᠎ᠡ ᠬᠡᠪᠴᠢᠶ᠎ᠡ ᠶᠢ ᠦᠨᠳᠦᠰᠦᠯᠡᠨ᠂ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠬᠤ ᠪᠠ ᠵᠢᠯᠣᠭᠤᠳᠴᠤ᠂ ᠬᠦᠨᠳᠦ ᠨᠣᠴᠢᠲᠠᠢ ᠬᠡᠷᠡᠭ | ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠣᠭᠲᠠᠭᠰᠠᠨ ᠬᠠᠷᠢᠶᠠᠯᠠᠯ ᠤᠨ ᠬᠡᠷᠡᠭ ᠢ ᠳᠠᠭᠠᠭᠠᠨ ᠭᠦᠢᠴᠡᠳᠬᠡᠨ᠎ᠡ᠃ | | ︵ᠨᠠᠶᠮᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ | ︵ᠶᠢᠰᠦ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠴᠢᠯᠠᠯᠲᠠ᠂ | ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ | ᠠᠵᠢᠯ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ | ︵ᠠᠷᠪᠠᠨ ᠨᠢᠭᠡ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |