ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄       ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠠᠬᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ  ᠶᠢ ᠳᠤᠷᠠᠳᠤᠨ ᠭᠠᠷᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠦ  ᠶᠢᠨ ᠪᠣᠳᠣᠯᠭ᠎ᠠ ᠳᠦᠷᠢᠮ ᠢ ᠨᠠᠶᠢᠳᠠᠪᠤᠷᠢᠵᠢᠭᠤᠯᠤᠨ᠂ ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃       ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠣᠯᠠᠨ ᠭᠤᠤᠯ ᠴᠣᠭᠴᠠ ᠠᠴᠠ ᠬᠠᠩᠭᠠᠭᠰᠠᠨ᠂ ᠣᠯᠠᠨ ᠠᠷᠭ᠎ᠠ ᠵᠠᠮ ᠢᠶᠠᠷ ᠪᠠᠲᠤᠯᠠᠭᠰᠠᠨ᠂ ᠲᠦᠷᠢᠶᠡᠰᠦᠯᠡᠬᠦ ᠪᠠ ᠪᠣᠷᠣᠯᠠᠭᠤᠯᠬᠤ ᠶᠢ ᠬᠠᠮᠲᠤᠷᠠᠭᠤᠯᠤᠭᠰᠠᠨ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠢᠯᠣᠭᠤᠳᠴᠤ᠂ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ︵ᠭᠤᠷᠪᠠ︶ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠭᠡᠷ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠥᠷᠦ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠰᠢᠯᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ  ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠎ᠠ᠃ ᠭᠡᠷ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ ᠪᠠᠶᠢᠰᠢᠩ ᠤᠨ ᠲᠦᠷᠢᠶᠡᠰᠦᠯᠡᠯ᠂ ᠭᠡᠷ ᠪᠠᠶᠢᠰᠢᠩ ᠤᠨ ᠲᠠᠯᠠᠪᠠᠢ ᠶᠢᠨ ᠬᠠᠮᠢᠶᠠᠷᠤᠯᠲᠠ᠂ ᠭᠠᠵᠠᠷ ᠬᠥᠷᠥᠩᠭᠡ ᠶᠢᠨ ᠦᠨ᠎ᠡ ᠶᠢᠨ ᠵᠢᠱᠢᠯᠲᠡ᠂ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ  ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ ᠵᠢᠯᠣᠭᠤᠳᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠳᠠᠬᠢ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ᠂ ᠣᠷᠣᠨ ᠰᠠᠭᠤᠴᠠ ᠶᠢᠨ ᠠᠳᠠᠯ ᠠᠬᠤᠢ ᠶᠢᠨ ᠨᠡᠶᠢᠲᠡ ᠶᠢᠨ ᠣᠷᠣᠨ ᠪᠠᠶᠢᠷᠢ ᠳᠠᠬᠢ ᠨᠡᠶᠢᠲᠡ ᠶᠢᠨ ᠲᠣᠨᠤᠭ ᠲᠥᠬᠦᠭᠡᠷᠦᠮᠵᠢ ᠶᠢᠨ ᠪᠠᠲᠤᠯᠠᠨ ᠵᠠᠰᠠᠬᠤ ᠮᠥᠩᠭᠦ ᠶᠢ ᠳᠠᠩᠰᠠᠯᠠᠬᠤ᠂ ᠲᠤᠰᠢᠶᠠᠨ ᠬᠠᠳᠠᠭᠠᠯᠠᠬᠤ ᠵᠢᠴᠢ ᠬᠡᠷᠡᠭᠯᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃       ︵ᠳᠥᠷᠪᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠪᠠ ᠪᠠᠷᠢᠯᠭ᠎ᠠ ᠶᠢᠨ ᠦᠨ᠎ᠡ ᠶᠢ ᠦᠨᠡᠯᠡᠨ ᠵᠢᠱᠢᠯᠲᠡ ᠶᠢᠨ ᠬᠡᠷᠡᠭᠵᠢᠭᠦᠯᠦᠯᠲᠡ ᠶᠢ ᠬᠢᠨᠠᠯᠲᠠ ᠲᠠᠯᠪᠢᠨ ᠵᠢᠯᠣᠭᠤᠳᠤᠨ᠎ᠠ᠃ ᠲᠣᠰ ᠭᠠᠵᠠᠷ ᠣᠷᠣᠨ ᠤ ᠪᠠᠨ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠨᠡᠶᠢᠲᠡᠯᠡᠨ᠎ᠡ᠃       ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠯᠲᠠ ᠲᠠᠯᠪᠢᠨ ᠬᠠᠮᠢᠶᠠᠷᠴᠣ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠳᠦᠷᠢᠮ ᠲᠣᠭᠲᠠᠭᠠᠯ ᠢ ᠵᠢᠷᠤᠮᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠶᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠶᠯᠡᠰ᠂ ᠪᠠᠷᠢᠯᠭ᠎ᠠ ᠬᠢᠨᠠᠨ ᠰᠢᠯᠭᠠᠬᠤ ᠶᠢ ᠠᠰᠠᠭᠤᠨ ᠯᠠᠪᠯᠠᠬᠤ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠪᠠᠶᠢᠰᠢᠩ ᠢ ᠵᠠᠰᠠᠵᠤ ᠴᠢᠮᠡᠭᠯᠡᠬᠦ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ ᠭᠡᠷ ᠪᠠᠶᠢᠰᠢᠩ ᠪᠠᠷᠢᠬᠤ ᠪᠠ  ᠬᠤᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠬᠢᠨᠠᠯᠲᠠ ᠬᠠᠮᠢᠶᠠᠷᠤᠯᠲᠠ  ᠶᠢᠨ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠶᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠤᠨ᠎ᠠ᠃       ︵ᠵᠢᠷᠭᠤᠭ᠎ᠠ︶ ᠬᠢᠨᠠᠨ ᠬᠠᠮᠢᠶᠠᠷᠬᠤ ᠡᠷᠬᠡ ᠮᠡᠳᠡᠯ ᠤᠨ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠷᠢᠯᠭ᠎ᠠ ᠪᠠᠷᠢᠬᠤ ᠵᠥᠪᠰᠢᠶᠡᠷᠡᠯ ᠣᠯᠤᠭᠰᠠᠨ ᠭᠡᠷ ᠪᠠᠶᠢᠰᠢᠩ ᠤᠨ ᠪᠠᠷᠢᠯᠭ᠎ᠠ ᠬᠢᠭᠡᠳ ᠪᠠᠷᠢᠯᠭ᠎ᠠ ᠶᠢᠨ ᠶᠠᠰᠤ ᠴᠢᠨᠠᠷ᠂ ᠠᠶᠤᠯ ᠥᠬᠡᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠠᠵᠢᠯ ᠢ ᠬᠠᠷᠢᠭᠤᠴᠠᠬᠤ ᠪᠠ ᠵᠢᠯᠣᠭᠤᠳᠤᠨ᠎ᠠ᠃ ᠳᠡᠭᠡᠳᠦ ᠱᠠᠲᠤᠨ  ᠤ ᠰᠠᠯᠠᠭ᠎ᠠ ᠮᠥᠴᠢᠷ ᠢ ᠬᠠᠪᠰᠤᠷᠤᠨ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠶᠢᠨ ᠬᠦᠨᠳᠦ ᠶᠡᠭᠡ ᠠᠳᠡᠯ  ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠤᠯᠠ ᠰᠠᠪᠠᠯᠠᠬᠤ ᠱᠦᠶᠨᠢ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃       ︵ᠳᠣᠯᠤᠭ᠎ᠠ︶ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠪᠠᠷᠢᠯᠭ᠎ᠠ ᠶᠢᠨ ᠬᠡᠮᠵᠢᠯᠲᠡ ᠪᠣᠯᠤᠨ ᠬᠤᠲᠠ ᠶᠢᠨ ᠱᠤᠭᠤᠮᠠᠯ ᠱᠤᠭᠤᠬᠤ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ  ᠲᠠᠢ ᠬᠠᠮᠵᠢᠯᠴᠠᠨ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠨ᠎ᠡ᠃ ᠬᠤᠲᠠ ᠶᠢ ᠵᠠᠰᠠᠨ ᠰᠡᠯᠪᠢᠬᠦ ᠪᠠ ᠠᠮᠢ ᠠᠬᠤᠶ ᠶᠢ ᠵᠠᠰᠠᠨ ᠰᠡᠷᠭᠦᠭᠡᠬᠦ ᠲᠥᠷᠥ ᠶᠢᠨ ᠪᠣᠳᠣᠯᠭ᠎ᠠ ᠪᠠ ᠳᠦᠷᠢᠮ ᠢ ᠵᠢᠯᠣᠭᠤᠳᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠶᠯ  ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃       ︵ᠨᠠᠶᠮᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ  ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠶᠢᠰᠦ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠣᠯᠤᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠭᠤᠣᠯᠳᠠᠯᠭ᠎ᠠ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃       ︵ᠠᠷᠪᠠ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠴᠢᠬᠤᠯᠠ ᠶᠡᠭᠡ ᠲᠥᠷᠥᠯ ᠵᠦᠶᠯ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠴᠢᠬᠤᠯᠠ ᠶᠡᠭᠡ ᠲᠥᠷᠥᠯ ᠵᠦᠶᠯ ᠤᠨ ᠰᠢᠪᠲᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠨᠢᠭᠡ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠳᠦᠷᠢᠮ ᠢ ᠲᠣᠭᠲᠠᠭᠠᠨ᠎ᠠ᠃ ᠪᠦᠬᠦ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠂ ᠬᠡᠷᠡᠭᠯᠡᠯᠲᠡ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃       ︵ᠠᠷᠪᠠᠨ ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠥᠷᠨᠢᠭᠦᠯᠦᠨ᠎ᠡ᠃      ︵ᠠᠷᠪᠠᠨ ᠭᠤᠷᠪᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡᠨ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号