ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2019-03-04
      ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠭᠡᠪᠡᠯ᠄      ︵ᠨᠢᠭᠡ︶ ᠬᠥᠷᠥᠰᠥ ᠰᠢᠷᠣᠶ᠂ ᠠᠭᠤᠷᠬᠠᠢ ᠶᠢᠨ ᠭᠠᠷᠤᠯᠲᠠ᠂ ᠣᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠤᠢ ᠪᠦᠬᠦᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠦᠴᠢᠷ ᠤᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠬᠡᠮᠵᠢᠨ ᠵᠢᠷᠤᠬᠤ ᠵᠡᠷᠭᠡ ᠬᠠᠮᠢᠶ᠎ᠠ ᠪᠦᠬᠦᠢ ᠳᠦᠷᠢᠮ ᠢ ᠲᠤᠭᠤᠷᠪᠢᠨ᠎ᠡ᠃      ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠶᠢ ᠬᠠᠷᠢᠭᠤᠴᠠᠨ᠎ᠠ᠃ ᠤᠯᠤᠰ ᠤᠨ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠢᠷᠤᠮᠵᠢᠭᠰᠠᠨ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠳᠦᠷᠢᠮ ᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠯᠲᠠ ᠬᠢᠵᠦ ᠬᠢᠨᠠᠨ ᠬᠡᠮᠵᠢᠵᠦ ᠥᠨᠡᠯᠡᠨ ᠵᠢᠱᠢᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠶᠢᠨ ᠨᠡᠶᠢᠲᠡᠯᠡᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠠᠵᠢᠯ ᠢ ᠥᠷᠨᠢᠭᠦᠯᠦᠨ᠎ᠡ᠃      ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶᠠᠯᠠᠯ ᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠪᠠᠷ ᠬᠦᠷᠲᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠵᠤ᠂ ᠬᠤᠲᠠ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ ᠤᠨ ᠲᠣᠭᠲᠠᠭᠠᠭᠰᠠᠨ ᠪᠦᠬᠦ ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠳᠦᠷᠢᠮ ᠶᠣᠰᠣᠭᠠᠷ᠂ ᠪᠦᠬᠦ ᠬᠤᠲᠠ ᠶᠢᠨ ᠪᠦᠬᠦ ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠲᠣᠭᠲᠠᠭᠠᠨ᠎ᠠ᠃ ᠪᠦᠬᠦ ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠳᠠᠯᠳᠤᠭᠠᠯᠠᠬᠤ᠂ ᠲᠦᠷᠢᠶᠡᠰᠦᠯᠡᠭᠦᠯᠬᠦ᠂ ᠦᠨ᠎ᠡ ᠪᠣᠳᠣᠨ ᠪᠠᠯᠠ ᠣᠷᠣᠭᠤᠯᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃      ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ ᠵᠡᠷᠭᠡ ᠲᠣᠭᠲᠠᠭᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠨᠡᠯᠡᠨ ᠰᠢᠯᠭᠠᠬᠤ ᠠᠵᠢᠯ ᠢ ᠥᠷᠨᠢᠭᠦᠯᠦᠨ᠂ ᠠᠷᠪᠢᠲᠠᠶ ᠪᠥᠭᠡᠳ ᠡᠷᠴᠢᠮᠲᠡᠢ ᠠᠰᠢᠭᠯᠠᠬᠤ ᠶᠢ ᠵᠢᠯᠣᠭᠤᠳᠤᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢ ᠵᠢᠯᠣᠭᠤᠳᠬᠤ᠂ ᠬᠠᠮᠢᠶᠠᠷᠬᠤ ᠪᠠ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢᠨ ᠨᠢᠭᠡᠳᠦᠯᠲᠡᠶ ᠲᠥᠯᠥᠪᠵᠢᠭᠦᠯᠭᠡ ᠳᠤ ᠬᠤᠯᠪᠣᠭᠳᠠᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠤᠨ᠎ᠠ᠃      ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠲᠦᠯᠬᠢᠨ ᠠᠬᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢ ᠲᠥᠯᠥᠪᠵᠢᠭᠦᠯᠬᠦ᠂ ᠨᠠᠷᠢᠯᠢᠭ ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠨᠠᠶᠢᠷᠠᠭᠤᠯᠬᠤ᠂ ᠵᠠᠰᠠᠪᠤᠷᠢ ᠣᠷᠤᠭᠤᠯᠬᠤ ᠪᠠ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠵᠢᠭᠠᠨ ᠵᠢᠯᠣᠭᠤᠳᠬᠤ ᠪᠠ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ᠂ ᠨᠠᠷᠢᠯᠢᠭ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠢᠨᠠᠨ ᠪᠠᠶᠢᠴᠠᠭᠠᠬᠤ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷᠲᠠᠶ ᠦᠨᠡᠯᠡᠯᠲᠡ ᠬᠢᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠨᠧᠷᠬᠢ ᠠᠷᠪᠢᠯᠠᠨ ᠣᠷᠴᠢᠨ ᠠᠬᠤᠶ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠷᠦ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢ ᠰᠢᠯᠵᠢᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠵᠠᠷ ᠰᠢᠷᠣᠶ ᠲᠠᠲᠠᠪᠤᠷᠢᠯᠠᠨ ᠬᠤᠷᠢᠶᠠᠵᠦ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠭᠠᠵᠠᠷ ᠰᠢᠷᠣᠶ ᠶᠢ ᠰᠢᠯᠵᠢᠭᠦᠯᠦᠨ ᠬᠡᠷᠡᠭᠯᠡᠬᠦ᠂ ᠲᠠᠲᠠᠪᠤᠷᠢᠯᠠᠨ ᠬᠤᠷᠢᠶᠠᠵᠦ ᠲᠠᠲᠠᠪᠤᠷᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ︵ᠳᠣᠯᠤᠭ᠎ᠠ︶ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠪᠠ ᠲᠥᠯᠥᠪᠵᠢᠭᠦᠯᠭᠡ ᠶᠢ ᠬᠠᠮᠢᠶᠠᠷᠬᠤ ᠠᠵᠢᠯ ᠢ ᠬᠠᠷᠢᠭᠤᠴᠠᠵᠤ᠂ ᠲᠥᠯᠥᠪᠵᠢᠭᠦᠯᠭᠡ ᠶᠢᠨ ᠵᠢᠷᠤᠭᠯᠠᠨ ᠲᠥᠯᠥᠪᠯᠡᠬᠦ ᠨᠢᠭᠡᠴᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃      ︵ᠨᠠᠢᠮᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠮᠢ ᠠᠬᠤᠶ ᠶᠢ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠲᠢᠭᠯᠡᠵᠦ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠶ ᠵᠣᠬᠢᠰᠲᠠᠶ ᠠᠰᠢᠭᠯᠠ ᠠᠮᠢ ᠠᠬᠤᠶ ᠶᠢ ᠵᠠᠰᠠᠨ ᠰᠡᠷᠭᠦᠭᠡᠬᠦ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠪᠡᠯᠡᠳᠬᠡᠯ ᠲᠦᠷᠥᠯ ᠵᠦᠢᠯ ᠢ ᠳᠤᠷᠠᠳᠤᠨ ᠭᠠᠷᠭᠠᠨ᠎ᠠ᠃      ︵ᠶᠢᠰᠦ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠣᠨᠴᠠᠭᠠᠢ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠨᠥᠬᠦᠪᠥᠷᠢ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃      ︵ᠠᠷᠪᠠ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠲᠠ ᠶᠢᠨ ᠱᠠᠲᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠤᠨ᠎ᠠ᠃ ᠪᠦᠬᠦ ᠬᠤᠲᠠ ᠶᠢᠨ ᠦᠨᠳᠦᠰᠦᠨ ᠴᠢᠨᠠᠷᠲᠠᠢ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠭᠠᠵᠠᠷ ᠵᠦᠢ ᠶᠢᠨ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠵᠢᠴᠢ ᠲᠡᠭᠦᠨ ᠠᠴᠠ ᠪᠣᠯᠤᠭᠰᠠᠨ ᠭᠠᠵᠠᠷ ᠤᠨ ᠭᠠᠳᠠᠷᠭᠤ ᠳᠣᠷᠣᠭᠰᠢ ᠰᠠᠭᠤᠬᠤ ᠵᠡᠷᠭᠡ ᠭᠠᠵᠠᠷ ᠵᠦᠢ ᠶᠢᠨ ᠠᠰᠠᠭᠤᠳᠠᠯ ᠢ ᠬᠢᠨᠠᠨ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠨᠢᠭᠡ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠵᠤ᠂ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠵᠦᠢ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠤᠨ ᠨᠡᠶᠢᠳᠡᠮ ᠪᠠᠶᠢᠴᠠᠭᠠᠯᠲᠠ᠂ ᠨᠠᠷᠢᠨ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠶᠢ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠥᠷᠨᠢᠭᠦᠯᠬᠦ ᠶᠢ ᠵᠢᠯᠣᠭᠤᠳᠤᠨ᠂ ᠭᠠᠵᠠᠷ ᠵᠦᠢ ᠶᠢᠨ ᠭᠠᠮᠰᠢᠭ ᠤᠨ ᠪᠠᠷᠢᠯᠭ᠎ᠠ ᠶᠢ ᠴᠡᠭᠴᠡᠯᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠵᠦᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃      ︵ᠠᠷᠪᠠᠨ ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠵᠢᠴᠢ ᠳᠠᠷᠤᠵᠤ ᠪᠦᠲᠡᠭᠡᠭᠰᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠠᠭᠤᠷᠬᠠᠢ ᠶᠢᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠢ ᠶᠢᠨ ᠲᠥᠷᠥᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠲᠤᠬᠢᠷᠠᠭᠤᠯᠤᠨ ᠡᠵᠡᠮᠳᠡᠬᠦ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃      ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠦᠨᠳᠦᠰᠦᠨ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠴᠢᠳᠠᠪᠤᠷᠢ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠭᠠᠵᠠᠷ ᠵᠦᠢ ᠶᠢᠨ ᠮᠡᠳᠡᠭᠡ ᠵᠠᠩᠬᠢ ᠶᠢᠨ ᠠᠶᠤᠯ ᠦᠭᠡᠢ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃      ︵ᠠᠷᠪᠠᠨ ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠬᠢᠴᠢᠯᠠᠯᠲᠠ ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃      ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠰᠢᠮᠳᠠᠭᠤᠯᠤᠨ ᠪᠠᠶᠢᠴᠠᠭᠠᠭᠰᠠᠨ ᠰᠠᠨᠠᠯ ᠢ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠠᠵᠢᠯ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠬᠤᠰᠢᠭᠤ ᠰᠢᠶᠠᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠡᠷᠬᠡ ᠣᠯᠭᠤᠬᠤ ᠨᠠᠶᠢᠳᠠᠯᠭ᠎ᠠ ᠶᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃      ︵ᠠᠷᠪᠠᠨ ᠵᠢᠷᠭᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤᠮᠳᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃      ︵ᠠᠷᠪᠠᠨ ᠳᠣᠯᠤᠭ᠎ᠠ︶ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃      ︵ᠠᠷᠪᠠᠨ ᠨᠠᠢᠮᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号