︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ | ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠦ ᠶᠢᠨ | ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ | ᠬᠢᠨᠠᠨ ᠪᠠᠶᠢᠴᠠᠭᠠᠨ᠎ᠠ᠃ | ︵ᠬᠤᠶᠠᠷ︶ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ | ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠴᠢᠳᠠᠪᠤᠷᠢᠲᠠᠨ ᠬᠥᠮᠦᠵᠢᠭᠦᠯᠬᠦ᠂ ᠤᠷᠢᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ | ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ | ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ᠂ ᠪᠦᠲᠦᠮᠵᠢᠲᠡᠢ ᠲᠣᠬᠢᠷᠠᠭᠤᠯᠤᠯᠲᠠ ᠶᠢ | ᠠᠬᠢᠭᠤᠯᠤᠨ᠎ᠠ᠃ | ︵ᠭᠤᠷᠪᠠ ︶ ᠪᠦᠬᠦ ᠬᠤᠲᠠ ᠶᠢᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ | ᠨᠢᠭᠡᠳᠦᠯᠲᠡᠢ ᠲᠥᠯᠥᠪᠯᠡᠬᠦ ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠵᠤ᠂ ᠣᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ | ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ | ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠶᠢ ᠲᠤᠰᠠᠯᠠᠬᠤ ᠳᠦᠷᠢᠮ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ | ᠪᠣᠳᠣᠯᠭ᠎ᠠ ᠶᠢ ᠲᠦᠷᠦᠭᠦᠯᠡᠨ ᠲᠣᠭᠲᠠᠭᠠᠨ᠎ᠠ᠃ | ︵ᠳᠥᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠦᠬᠦ ᠬᠤᠲᠠ ᠶᠢᠨ | ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ | ᠵᠢᠴᠢ ᠨᠥᠬᠦᠪᠥᠷᠢ ᠳᠠᠭᠠᠳᠬᠠᠯ ᠤᠨ ᠲᠥᠷᠦ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ | ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ | ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ | ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠨᠢᠭᠡᠳᠦᠯᠲᠡᠶ ᠨᠡᠶᠢᠭᠡᠮ ᠤᠨ | ᠳᠠᠭᠠᠳᠬᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ︵ᠲᠠᠪᠤ︶ ᠪᠦᠬᠦ ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠤᠯᠪᠣᠭᠳᠠᠯ ᠪᠦᠬᠦᠢ ᠨᠡᠶᠢᠭᠡᠮ | ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ | ᠵᠠᠩᠭᠢ ᠪᠠᠷ ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠭᠠᠬᠤ ᠪᠡᠯᠡᠳᠬᠡᠯ ᠲᠥᠰᠦᠯ ᠢ ᠲᠤᠭᠤᠷᠪᠢᠨ | ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠡᠷᠦᠩᠬᠡᠶ ᠳᠡᠭᠡᠨ ᠲᠡᠩᠴᠡᠭᠦᠷᠢ ᠲᠠᠢ ᠪᠠᠶᠢᠬᠤ ᠶᠢ ᠪᠠᠲᠤᠯᠠᠨ᠎ᠠ᠃ | ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠬᠥᠨᠳᠡᠯᠡᠨ ᠠᠴᠠ | ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ | ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠳᠦᠷᠢᠮ ᠪᠠ | ᠬᠡᠦᠭᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ | ᠬᠡᠷᠡᠭᠯᠡᠬᠦ ᠶᠢ ᠦᠭᠡᠶᠢᠰᠬᠡᠬᠦ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠦᠨᠳᠦ ᠨᠣᠴᠢᠲᠠᠢ | ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ | ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ | ᠲᠦᠷᠦᠭᠦᠯᠡᠨ ᠠᠬᠢᠭᠤᠯᠵᠤ᠂ ᠪᠦᠬᠦ ᠬᠤᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ | ᠦᠷᠭᠦᠯᠵᠢᠯᠡᠭᠰᠡᠨ ᠰᠤᠷᠭᠠᠨ ᠬᠥᠮᠦᠵᠢᠯ ᠪᠠ ᠠᠬᠠᠯᠠᠭᠴᠢ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ | ᠪᠣᠳᠣᠯᠭ᠎ᠠ ᠶᠢ ᠲᠤᠭᠤᠷᠪᠢᠵᠤ᠂ ᠦᠨᠳᠦᠷ ᠳᠡᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ | ᠪᠠ ᠬᠥᠮᠦᠵᠢᠭᠦᠯᠬᠦ ᠠᠵᠢᠯ ᠢ ᠬᠠᠷᠢᠭᠤᠴᠠᠵᠤ᠂ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ | ᠭᠠᠳᠠᠭᠠᠳᠤ ᠳᠤ ᠰᠤᠷᠤᠯᠴᠠᠭᠴᠢ ᠶᠢ ᠮᠠᠨ ᠤ ᠬᠤᠲᠠ ︵ᠬᠤᠲᠠ ᠳᠤ ᠪᠠᠨ ᠪᠤᠴᠠᠵᠤ︶ ᠳᠤ ᠲᠡᠳᠡᠨ ᠠᠪᠴᠢᠷᠠᠬᠤ ᠠᠵᠢᠯ | ᠤᠨ ᠲᠥᠷᠥ ᠶᠢᠨ ᠪᠣᠳᠣᠯᠭ᠎ᠠ ᠶᠢ ᠲᠤᠭᠤᠷᠪᠢᠨ᠎ᠠ᠃ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠡᠰᠡᠭ | ᠭᠠᠳᠠᠭᠠᠳᠤ ᠶᠢᠨ ᠬᠥᠮᠦᠨ ᠤ ᠳᠤᠮᠳᠠᠳᠤ ᠳᠤ ᠢᠷᠡᠵᠦ ᠠᠵᠢᠯᠯᠠᠬᠤ ᠬᠠᠮᠢᠶ᠎ᠠ ᠪᠦᠬᠦᠢ ᠶᠠᠪᠤᠳᠠᠯ ᠢ ᠬᠠᠷᠢᠭᠤᠴᠠᠨ᠎ᠠ᠃ | ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ | ᠮᠡᠷᠭᠡᠵᠢᠯ ᠤᠨ ᠬᠢᠷᠢ ᠭᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠠᠵᠢᠯ ᠮᠡᠷᠭᠡᠵᠢᠯ ᠤᠨ ᠴᠢᠳᠠᠪᠤᠷᠢ ᠶᠢᠨ ᠣᠯᠠᠨ ᠡᠰᠢᠵᠢᠭᠰᠡᠨ ᠦᠨᠡᠯᠡᠯᠲᠡ ᠶᠢᠨ | ᠲᠣᠭᠲᠠᠴᠠ ᠶᠢ ᠪᠠᠶᠢᠭᠤᠯᠤᠨ᠎ᠠ᠃ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠨᠠᠶᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ | ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠎ᠠ᠃ ᠠᠵᠢᠯ | ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠤᠷᠢᠵᠤ ᠬᠡᠷᠡᠭᠯᠡᠬᠦ ᠭᠡᠷ᠎ᠡ | ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠳᠠᠭᠠᠭᠠᠨ ᠭᠦᠶᠴᠡᠳᠬᠡᠬᠦ ᠶᠢ | ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠶᠯᠡᠴᠢᠯᠡᠭᠡᠨ ᠤ | ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ | ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ | ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠥᠷᠨᠢᠭᠦᠯᠦᠭᠰᠡᠨ | ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠲᠥᠷᠥᠯ ᠵᠦᠢᠯ ᠤᠨ | ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠦᠬᠦ ᠬᠤᠲᠠ ᠶᠢᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠠᠵᠢᠯ | ᠢ ᠡᠭᠦᠷᠭᠡᠯᠡᠨ᠎ᠡ᠃ | ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ | ᠤᠨ ᠨᠢᠭᠡᠴᠢ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠢ ᠲᠣᠭᠲᠠᠭᠠᠬᠤ᠂ ᠬᠡᠪ | ᠤᠨ ᠥᠰᠦᠯᠲᠡ ᠪᠠ ᠴᠠᠯᠢᠩ ᠥᠭᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠦᠬᠦ | ᠬᠤᠲᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ | ᠠᠮᠠᠷᠠᠭᠰᠠᠳ ᠪᠠᠭᠤᠭᠰᠠᠳ ᠤᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ | ᠲᠣᠭᠲᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ | ᠰᠢᠶᠳᠪᠦᠷᠢᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | | ︵ᠠᠷᠪᠠᠨ ᠬᠤᠶᠠᠷ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |