ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-03-04
     ᠨᠢᠭᠡ᠂ ᠪᠦᠬᠦ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠵᠤ᠂ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠨ᠎ᠠ᠃      ᠬᠤᠶᠠᠷ᠂ ᠪᠦᠬᠦ ᠬᠤᠲᠠ ᠶᠢᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠬᠠᠮᠢᠶᠠᠷᠬᠤ ᠪᠠ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠤᠲᠠ ᠶᠢᠨ ᠲᠣᠰ ᠱᠠᠲᠤᠨ ᠤ ᠳᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ᠭᠤᠷᠪᠠ᠂ ᠪᠦᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃      ᠳᠥᠷᠪᠡ᠂ ᠪᠦᠬᠦ ᠬᠤᠲᠠ ᠶᠢᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠲᠠᠪᠤ᠂ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠪᠦᠰᠡ ᠶᠢᠨ ᠵᠠᠭᠠᠭ ᠱᠤᠭᠤᠮ ᠤᠨ ᠬᠠᠮᠢᠶᠠᠷᠤᠯᠲᠠ ᠪᠣᠯᠤᠨ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠵᠠᠰᠠᠭ ᠵᠠᠬᠢᠷᠭᠠᠨ ᠤ ᠬᠤᠪᠢᠶᠠᠷᠢᠯᠠᠯ ᠤᠨ ᠬᠤᠪᠢᠷᠠᠯᠲᠠ ᠶᠢ ᠬᠢᠨᠠᠨ ᠬᠠᠷᠭᠤᠭᠤᠯᠬᠤ ᠪᠠ ᠭᠤᠶᠤᠴᠢᠯᠠᠨ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠪᠦᠰᠡ ᠶᠢᠨ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠵᠢᠷᠭᠤᠭ᠎ᠠ᠂ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃      ᠳᠣᠯᠤᠭ᠎ᠠ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃      ᠨᠠᠢᠮᠠ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      ᠶᠢᠰᠦ᠂ ᠪᠦᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠣᠯᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ᠃      ᠠᠷᠪᠠ᠂ ᠬᠡᠤᠬᠡᠳ ᠤᠨ ᠠᠰᠠᠷᠠᠮᠵᠢ᠂ ᠥᠨᠥᠴᠢᠨ ᠭᠤᠯᠣᠭᠳᠠᠭᠰᠠᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠤᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃      ᠠᠷᠪᠠᠨ ᠨᠢᠭᠡ᠂ ᠪᠤᠶᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠨᠡᠶᠢᠭᠡᠮ ᠤᠨ ᠲᠤᠰᠠᠯᠠᠮᠵᠢ ᠶᠢᠨ ᠠᠵᠢᠯ ᠢ ᠵᠢᠯᠣᠭᠤᠳᠤᠨ᠂ ᠠᠰᠠᠷᠠᠮᠵᠢ ᠶᠢᠨ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠠᠷᠪᠠᠨ ᠬᠤᠶᠠᠷ᠂ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠰᠠᠶᠢᠨ ᠳᠤᠷᠠᠴᠤᠳ ᠤᠨ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠠᠷᠪᠠᠨ ᠭᠤᠷᠪᠠ᠂ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ᠠᠷᠪᠠᠨ ᠳᠥᠷᠪᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号