ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2019-03-04
     ︵ᠨᠢᠭᠡ︶ ᠨᠠᠮ ᠪᠠ ᠲᠥᠷᠥ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠦᠯ ᠢ ᠰᠤᠳᠤᠯᠤᠨ ᠲᠣᠭᠲᠠᠭᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠤᠨ ᠵᠢᠯᠣᠭᠤᠳᠴᠤ᠂ ᠬᠢᠨᠠᠯᠲᠠ ᠲᠠᠯᠪᠢᠨ᠎ᠠ᠃      ︵ᠬᠤᠶᠠᠷ︶ ᠪᠦᠬᠦ ᠬᠤᠲᠠ ᠶᠢᠨ ᠨᠡᠶᠢᠭᠡᠮ ᠤᠨ ᠠᠮᠤᠷ ᠲᠣᠭᠲᠠᠭᠤᠨ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠬᠠᠷᠢᠭᠤᠴᠠᠨ ᠡᠵᠡᠮᠰᠢᠵᠦ᠂ ᠪᠠᠶᠢᠳᠠᠯ ᠢ ᠵᠠᠳᠠᠯᠤᠨ᠂ ᠠᠷᠭᠠᠴᠠᠭᠠᠬᠤ ᠪᠣᠳᠣᠯᠭ᠎ᠠ ᠲᠣᠭᠲᠠᠭᠠᠨ᠎ᠠ︔ ᠠᠮᠤᠷ ᠲᠦᠪᠰᠢᠨ ᠤ ᠬᠦᠨᠳᠦ ᠨᠣᠴᠢᠲᠠᠢ ᠠᠳᠡᠯ ᠪᠠ ᠪᠦᠯᠦᠭᠯᠡᠭᠰᠡᠨ ᠴᠢᠨᠠᠷ ᠲᠠᠢ  ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ︔ ᠴᠠᠭᠳᠠᠭᠠᠨ ᠤ ᠶᠠᠪᠤᠳᠠᠯ ᠤᠨ ᠴᠢᠬᠤᠯᠠ ᠶᠡᠭᠡ ᠠᠵᠢᠯᠯᠠᠭ᠎ᠠ ᠶᠢ ᠪᠠᠶᠢᠷᠢᠯᠠᠭᠤᠯᠤᠨ ᠵᠢᠯᠣᠭᠤᠳᠤᠨ᠎ᠠ᠃      ︵ᠭᠤᠷᠪᠠ︶ ᠪᠦᠬᠦ ᠬᠤᠲᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠬᠥᠨᠥᠭᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠪᠠ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ᠃      ︵ᠳᠥᠷᠪᠡ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠩᠨᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠡᠯ᠎ᠡ ᠲᠥᠷᠥᠯ ᠤᠨ ᠶᠠᠯᠠᠲᠤ ᠬᠡᠷᠡᠭ ᠢ ᠲᠠᠩᠨᠠᠨ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃      ︵ᠲᠠᠪᠤ︶ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ︔ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂ ᠲᠦᠢᠮᠡᠷ ᠢ ᠤᠨᠲᠠᠷᠠᠭᠠᠨ ᠠᠪᠤᠷᠠᠬᠤ ᠪᠠ ᠳᠣᠲᠣᠭᠠᠳᠤ  ᠶᠢ ᠬᠠᠮᠠᠭᠠᠯᠠᠬᠤ ᠶᠢᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ ᠵᠣᠬᠢᠴᠠᠭᠤᠯᠤᠨ᠎ᠠ︔ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠴᠡᠷᠢᠭ ᠠᠩᠭᠢ ᠶᠢ ᠤᠳᠤᠷᠢᠳᠴᠤ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃      ︵ᠳᠣᠯᠤᠭ᠎ᠠ︶ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠢᠴᠢ ᠮᠠᠰᠢᠨ ᠲᠡᠷᠭᠡ᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠮᠢᠶᠠᠷᠤᠨ᠎ᠠ᠃      ︵ᠨᠠᠶᠮᠠ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠪᠥᠬᠦ ᠬᠤᠲᠠ  ᠶᠢᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠰᠢᠶᠳᠪᠦᠷᠢᠯᠡᠬᠦ ᠶᠢ ᠬᠠᠷᠢᠭᠤᠴᠠᠨ᠎ᠠ︔ ᠪᠦᠬᠦ ᠬᠤᠲᠠ ᠶᠢᠨ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ  ᠶᠢᠨ ᠰᠡᠷᠭᠡᠶᠢᠯᠡᠬᠦ᠂ ᠲᠠᠩᠨᠠᠬᠤ᠂ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠣᠨ ᠵᠣᠬᠢᠴᠠᠭᠤᠯᠤᠨ᠎ᠠ ︔ ᠪᠥᠬᠦ ᠬᠤᠲᠠ ᠶᠢᠨ ᠬᠤᠤᠷᠲᠤ ᠡᠳ᠋ ᠤᠨ ᠬᠠᠤᠯᠢ ᠵᠥᠷᠢᠴᠡᠵᠦ ᠶᠠᠯ᠎ᠠ ᠬᠢᠭᠰᠡᠨ ᠪᠠᠶᠢᠳᠠᠯ ᠢ ᠬᠠᠷᠢᠭᠤᠴᠠᠨ ᠡᠵᠡᠮᠰᠢᠵᠦ ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠴᠣᠬᠢᠯᠲᠠ ᠥᠭᠭᠦᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠮᠢᠶᠠᠷᠬᠤ ᠭᠠᠵᠠᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠳᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠶᠢᠰᠦ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠭᠰᠡᠨ ᠡᠷᠡᠭᠦᠦ ᠶᠢᠨ ᠬᠠᠤᠯᠢ ᠶᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠬᠤᠷᠢᠶᠠᠮᠵᠢᠯᠠᠨ ᠵᠠᠰᠠᠨ ᠬᠥᠮᠦᠵᠢᠭᠦᠯᠬᠦ᠂ ᠬᠥᠳᠡᠯᠮᠦᠷᠢ ᠪᠠᠷ ᠵᠠᠰᠠᠨ ᠬᠦᠮᠦᠵᠢᠬᠦᠯᠬᠦ ᠶᠢ ᠬᠢᠨᠠᠨ ᠵᠥᠪᠰᠢᠶᠡᠷᠡᠬᠦ ᠠᠵᠢᠯ ᠢ ᠬᠠᠤᠯᠢ ᠶᠣᠰᠣᠭᠠᠷ ᠭᠦᠶᠴᠡᠳᠬᠡᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠨᠠᠮ ᠪᠠ ᠲᠥᠷᠥ ᠶᠢᠨ ᠤᠳᠤᠷᠢᠳᠬᠤ ᠬᠥᠮᠦᠰ ᠵᠢᠴᠢ ᠴᠢᠬᠤᠯᠠ ᠭᠠᠳᠠᠭᠠᠳᠤ ᠶᠢᠨ ᠵᠣᠴᠢᠳ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠬᠤ ᠶᠢᠨ ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃      ︵ᠠᠷᠪᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠪᠠ ᠮᠡᠷᠭᠡᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ  ᠶᠢ ᠨᠠᠶᠢᠳᠠᠪᠤᠷᠢᠵᠢᠭᠤᠯᠬᠤ ᠶᠢᠨ ᠬᠠᠮᠲᠤ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠲᠣᠨᠣᠭᠯᠠᠯ᠂ ᠬᠤᠪᠴᠠᠰᠤ ᠬᠤᠨᠠᠷ ᠪᠠᠭᠠᠵᠢ ᠬᠡᠷᠡᠭᠰᠡᠯ ᠤᠨ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠴᠠᠭᠳᠠᠭᠠᠨ ᠤ ᠶᠠᠪᠤᠳᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠴᠠᠭᠳᠠᠭᠠᠨ ᠤ ᠠᠭᠠᠷ ᠤᠨ ᠠᠶᠠᠯᠠᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ︵ᠠᠷᠪᠠᠨ ᠬᠤᠶᠠᠷ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠦᠲᠦᠭᠡᠨ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠺᠠᠳ᠋ᠷᠴᠤᠳ ᠢ ᠬᠠᠮᠢᠶᠠᠷᠤᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠪᠠ ᠭᠤᠮᠣᠳᠠᠯ ᠲᠣᠭᠠᠴᠢᠯᠲᠠ ᠶᠢᠨ ᠬᠡᠷᠡᠭ ( ᠶᠠᠪᠤᠳᠠᠯ ) ᠢ ᠬᠦᠯᠢᠶᠡᠨ ᠠᠪᠴᠤ ᠰᠢᠶᠳᠪᠦᠷᠢᠯᠡᠬᠦ᠂ ᠪᠠᠶᠢᠴᠠᠭᠠᠨ ᠰᠢᠶᠳᠪᠦᠷᠢᠯᠡᠬᠦ ᠶᠢ ᠬᠠᠷᠢᠭᠤᠴᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠢᠮᠳᠠᠭᠤᠯᠬᠤ᠂ ᠪᠠᠶᠢᠴᠠᠭᠠᠵᠤ᠂ ᠵᠢᠭᠠᠨ ᠵᠢᠯᠣᠭᠤᠳᠣᠨ᠎ᠠ᠃      ︵ᠠᠷᠪᠠᠨ ᠭᠤᠷᠪᠠ︶ ᠬᠤᠲᠠ ᠶᠢᠨ ᠳᠣᠲᠣᠷᠠᠬᠢ ᠡᠯ᠎ᠡ ᠲᠤᠰᠬᠠᠶ ᠴᠠᠭᠳᠠᠭ᠎ᠠ ᠶᠢᠨ ᠡᠩᠨᠡᠭᠡᠨ ᠤ ᠳᠣᠲᠣᠭᠠᠳᠤ  ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠠᠷᠪᠠᠨ ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠵᠦᠶᠯ ᠤᠳ ᠢ ᠲᠠᠭᠠᠭᠠᠨ ᠭᠦᠶᠴᠡᠳᠬᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号