ᠬᠦᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠨᠠᠮ ᠤᠨ ᠲᠥᠪ ᠬᠤᠷᠢᠶᠠᠨ ᠤ | ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ | ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ | ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠦᠨᠳᠦᠰᠦᠲᠡᠨ᠂ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ | ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠣᠯᠤᠨ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠷᠥ ᠶᠢᠨ ᠪᠣᠳᠣᠯᠭ᠎ᠠ ᠶᠢ | ᠲᠤᠭᠤᠷᠪᠢᠨ ᠪᠢᠴᠢᠨ᠎ᠡ᠃ ᠡᠭᠦᠨ ᠤ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ | ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠥᠮᠦᠵᠢᠯ ᠤᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠢ ᠬᠢᠨᠠᠯᠲᠠ ᠲᠠᠯᠪᠢᠨ | ᠭᠦᠢᠴᠡᠳᠬᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ | ᠦᠨᠳᠦᠰᠦᠲᠡᠨ ᠤ ᠬᠠᠷᠢᠴᠠᠭ᠎ᠠ ᠳᠠᠬᠢ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠰᠢᠶᠳᠪᠦᠷᠢᠯᠡᠨ᠎ᠡ᠃ ᠨᠡᠶᠢᠭᠡᠮ ᠤᠨ | ᠠᠮᠤᠷ ᠲᠣᠭᠲᠠᠭᠤᠨ ᠪᠠᠶᠢᠳᠠᠯ ᠢ ᠵᠣᠬᠢᠴᠠᠭᠤᠯᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠬᠠᠮᠲᠤ ᠪᠠᠷ | ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ | ᠬᠠᠮᠠᠭᠠᠯᠠᠨ᠎ᠠ᠃ | ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠦᠨᠳᠦᠰᠦᠲᠡᠨ ᠤ ᠠᠵᠢᠯ ᠤᠨ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠬᠠᠷᠢᠭᠤᠴᠠᠨ ᠵᠣᠬᠢᠴᠠᠭᠤᠯᠵᠤ᠂ ᠠᠵᠤ ᠠᠬᠤᠢ ᠶᠢᠨ | ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠲᠡᠨ ᠤ ᠲᠥᠷᠥ | ᠶᠢᠨ ᠪᠣᠳᠣᠯᠭ᠎ᠠ ᠶᠢ ᠬᠡᠷᠡᠭᠵᠢᠭᠦᠯᠬᠦ᠂ ᠵᠣᠯᠭᠠᠭᠤᠯᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠠ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ | ᠲᠡᠳᠡᠨ ᠲᠠᠢ ᠬᠠᠮᠵᠢᠯᠴᠠᠨ ᠬᠠᠮᠢᠶ᠎ᠠ ᠪᠦᠬᠦᠢ ᠤᠴᠢᠷ ᠶᠠᠪᠤᠳᠠᠯ ᠢ ᠰᠢᠶᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ | ᠤᠨ ᠬᠥᠭᠵᠢᠯᠲᠡ᠂ ᠠᠵᠢᠯ ᠲᠥᠷᠥᠯ ᠢᠶᠠᠷ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ | ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ ᠦᠶᠯᠡᠳᠪᠦᠷᠢᠯᠡᠯ ᠵᠡᠷᠭᠡ | ᠬᠤᠯᠪᠣᠭᠳᠠᠯ ᠪᠦᠬᠦᠢ ᠠᠵᠢᠯ ᠳᠤ ᠣᠷᠣᠯᠴᠠᠵᠤ ᠵᠣᠬᠢᠴᠠᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ | ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ | ᠬᠢᠨ᠎ᠡ᠃ | ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠶᠯᠡᠰ ᠵᠡᠷᠭᠡ ᠲᠤᠰᠬᠠᠶ ᠵᠦᠶᠯ ᠤᠨ | ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠬᠤᠲᠠ ᠶᠢᠨ | ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ | ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ | ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ | ᠦᠶᠯᠡᠴᠢᠯᠡᠭᠡᠨ ᠤ ᠰᠢᠰᠲ᠋ᠧᠮᠵᠢ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠲᠠᠪᠤ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ | ᠰᠠᠯᠠᠭ᠎ᠠ ᠮᠥᠴᠢᠷ ᠢ ᠵᠢᠯᠣᠭᠤᠳᠤᠨ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠭᠦᠢᠴᠡᠳᠬᠡᠨ᠂ | ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ | ᠳᠠᠭᠠᠭᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠠ | ᠣᠷᠣᠨ ᠪᠦᠰᠡ ᠲᠠᠢ ᠬᠠᠷᠢᠯᠴᠠᠨ᠎ᠠ᠃ | ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ | ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ | ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠺᠢᠨᠣ᠋ ᠲᠧᠯᠸᠢᠰ ᠪᠣᠯᠤᠨ ᠦᠨᠳᠦᠰᠦᠲᠡᠨ ᠤ ᠰᠤᠷᠪᠤᠯᠵᠢ | ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃ | ︵ᠳᠣᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠵᠢᠴᠢ ᠰᠢᠶᠠᠩᠭᠠᠩ | ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠢᠬᠦ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ ᠭᠠᠳᠠᠭᠠᠳᠤ ᠤᠬᠠᠭᠤᠯᠭ᠎ᠠ ᠶᠢᠨ ᠠᠵᠢᠯ | ᠳᠤ ᠣᠷᠣᠯᠴᠠᠨ᠎ᠠ᠃ | ︵ᠨᠠᠶᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠲᠠᠢ | ᠬᠠᠷᠢᠯᠴᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ | ᠢ ᠬᠥᠮᠦᠵᠢᠭᠦᠯᠬᠦ᠂ ᠰᠤᠷᠭᠠᠨ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ︵ᠶᠢᠰᠦ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ | ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |