ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-04
      ᠬᠦᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠬᠥᠭᠵᠢᠭᠦᠯᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠪᠠᠶᠢᠯᠳᠤᠬᠤ ᠪᠣᠳᠣᠯᠭ᠎ᠠ ᠪᠠ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠤ ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠵᠦ᠂ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃      ︵ᠬᠤᠶᠠᠷ︶ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠴᠢᠯᠠᠭᠤᠨ ᠲᠣᠰᠣ ᠶᠢᠨ ᠵᠥᠭᠡᠭᠡᠪᠦᠷᠢ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠯ ᠡᠵᠡᠮᠳᠡᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠨᠠᠶᠢᠳᠠᠪᠤᠷᠢᠵᠢᠭᠤᠯᠤᠨ᠎ᠠ᠃      ︵ᠭᠤᠷᠪᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠬᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠬᠡᠪᠴᠢᠶᠡᠵᠢᠯ ᠪᠣᠯᠤᠨ ᠴᠢᠭᠯᠡᠯ᠂ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠳᠥᠷᠪᠡ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠳᠦᠷᠢᠮ ᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠳᠠᠪᠤᠰᠦᠨ ᠤ ᠦᠢᠯᠡᠰ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠬᠤᠲᠠ ᠶᠢᠨ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠦ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠠᠵᠤ ᠦᠢᠯᠡᠰᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃      ︵ᠳᠣᠯᠤᠭ᠎ᠠ︶ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠣᠭᠯᠠᠯ ᠤᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠣᠭᠯᠠᠯ ᠤᠨ ᠤᠯᠤᠰ ᠲᠠᠭᠠᠨ ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠮᠡᠷᠭᠡᠵᠢᠯ ᠲᠣᠨᠣᠭᠯᠠᠯ ᠤᠨ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠤᠨ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃      ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠬᠢᠴᠢᠯᠠᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠬᠢᠴᠢᠯᠠᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠵᠡᠮᠳᠡᠯ ᠤᠨ ᠰᠢᠰᠲ᠋ᠧᠮ ᠤᠨ ᠲᠣᠤᠷ ᠰᠦᠯᠵᠢᠶ᠎ᠡ ᠬᠢᠭᠡᠳ ᠮᠡᠳᠡᠭᠡ ᠵᠠᠩᠬᠢ ᠶᠢᠨ ᠠᠮᠤᠷ ᠲᠥᠪᠰᠢᠨ ᠢ ᠬᠠᠷᠢᠭᠤᠴᠠᠨ᠎ᠠ᠃ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃      ︵ᠶᠢᠰᠦ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃      ︵ᠠᠷᠪᠠ︶ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠢ ᠬᠤᠣᠰ ᠴᠢᠭᠯᠡᠯ ᠢᠶᠠᠷ ᠰᠢᠯᠵᠢᠭᠦᠯᠬᠦ᠂ ᠴᠡᠷᠢᠭ ᠠᠷᠠᠳ ᠤᠨ ᠨᠡᠶᠢᠳᠡᠮ ᠬᠡᠷᠡᠭᠯᠡᠭᠡᠨ ᠤ ᠪᠠᠷᠢᠮᠵᠢᠶᠠᠲᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠴᠡᠷᠢᠭ ᠠᠷᠠᠳ ᠢ ᠤᠶᠠᠯᠳᠤᠭᠤᠯᠤᠨ ᠬᠥᠭᠵᠢᠭᠦᠯᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠴᠡᠷᠢᠭ ᠠᠷᠠᠳ ᠢ ᠤᠶᠠᠯᠳᠤᠭᠤᠯᠤᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠲᠦᠯᠬᠢᠨ ᠠᠬᠢᠭᠤᠯᠤᠨ᠎ᠠ᠃      ︵ᠠᠷᠪᠠᠨ ᠨᠢᠭᠡ︶ ᠪᠦᠬᠦ ᠬᠤᠲᠠ ᠶᠢᠨ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠪᠦᠲᠦᠴᠡ ᠶᠢᠨ ᠲᠣᠬᠢᠷᠠᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃      ︵ᠠᠷᠪᠠᠨ ᠬᠤᠶᠠᠷ︶ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠡᠮᠬᠢ ᠳᠢᠭᠯᠢᠮ ᠵᠢᠴᠢ ᠨᠡᠭᠦᠷᠡᠰᠦᠨ ᠠᠭᠤᠷᠬᠠᠢ ᠶᠢᠨ ᠭᠠᠯ ᠨᠣᠴᠣᠭᠰᠠᠨ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠣᠯᠤᠨ ᠳᠣᠷᠣᠭᠰᠢ ᠰᠠᠭᠤᠭᠰᠠᠨ ᠣᠷᠣᠨ ᠵᠡᠷᠭᠡ ᠶᠢᠨ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠪᠦᠬᠦ ᠬᠤᠲᠠ ᠶᠢᠨ ᠴᠠᠬᠢᠯᠭᠠᠨ ᠬᠦᠴᠦᠨ ᠤ ᠠᠵᠢᠯ ᠲᠥᠷᠥᠯ ᠤᠨ ᠬᠠᠮᠢᠶᠠᠷᠤᠯᠲᠠ᠂ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠵᠡᠷᠭᠡ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃      ︵ᠠᠷᠪᠠᠨ ᠳᠥᠷᠪᠡ︶ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠬᠦ ᠪᠠ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠬᠠᠷᠢᠭᠤᠴᠠᠵᠤ ᠪᠠᠶᠢᠭ᠎ᠠ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃ ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠵᠢᠴᠢ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠠᠷᠪᠠᠨ ᠲᠠᠪᠤ︶ ᠪᠦᠬᠦ ᠬᠤᠲᠠ ᠶᠢᠨ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ︵ᠠᠷᠪᠠᠨ ᠵᠢᠷᠭᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号