ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ | ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠵᠢᠴᠢ ᠡᠯ᠎ᠡ ᠵᠦᠶᠯ ᠤᠨ ᠲᠥᠷᠥ | ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ ᠶᠢ ᠲᠦᠷᠦᠭᠦᠯᠡᠨ | ᠲᠤᠭᠤᠷᠪᠢᠵᠤ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ | ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ | ᠶᠢ ᠲᠦᠯᠬᠢᠨ ᠠᠬᠢᠭᠤᠯᠤᠨ᠎ᠠ᠃ | ︵ᠭᠤᠷᠪᠠ︶ ᠪᠦᠬᠦ ᠬᠤᠲᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠰᠠᠭᠤᠷᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠥᠭᠵᠢᠭᠦᠯᠬᠦ ᠶᠢ ᠲᠦᠯᠬᠢᠨ | ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠳᠥᠷᠪᠡ︶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷ ᠲᠠᠢ ᠮᠡᠷᠭᠡᠵᠢᠯ ᠢ | ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ | ᠰᠢᠪᠲᠤᠯᠤᠯᠲᠠ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠦᠭᠦᠯᠡᠨ ᠵᠣᠬᠢᠶᠠᠨ | ᠪᠠᠶᠢᠭᠤᠯᠤᠨ᠎ᠠ᠃ | ︵ᠲᠠᠪᠤ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶᠯ ᠤᠨ ᠪᠡᠯᠡ ᠮᠥᠩᠭᠦ ᠶᠢ ᠵᠣᠬᠢᠴᠠᠭᠤᠯᠬᠤ᠂ | ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠯᠠᠨ ᠡᠰᠢᠵᠢᠭᠰᠡᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ︵ᠲᠤᠰᠬᠠᠶ ᠵᠦᠶᠯ᠂ ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠵᠢᠷᠭᠤᠭ᠎ᠠ︶ ᠬᠤᠲᠠ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠦᠭᠦᠯᠡᠨ | ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠭᠤᠯᠤᠯᠲᠠ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤ ᠪᠠᠷ ᠡᠳ᠋ᠯᠡᠬᠦ | ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠰᠠᠭᠤᠷᠢ ᠰᠤᠳᠤᠯᠤᠯ ᠤᠨ ᠬᠡᠷᠡᠭᠴᠡᠭᠡ | ᠱᠠᠭᠠᠷᠳᠠᠯᠭ᠎ᠠ ᠶᠢ ᠵᠠᠳᠠᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠥᠷᠨᠢᠭᠦᠯᠦᠨ᠎ᠡ᠃ ᠬᠤᠲᠠ ᠶᠢᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ ᠬᠠᠷᠢᠭᠤᠴᠠᠨ ᠬᠠᠮᠢᠶᠠᠷᠤᠨ᠎ᠠ᠃ | ︵ᠳᠣᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠲᠠᠷᠢᠶᠠᠯᠠᠩ ᠮᠠᠯ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠬᠤᠲᠠ ᠶᠢᠨ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ | ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠨᠠᠶᠮᠠ︶ ᠬᠤᠲᠠ ᠶᠢᠨ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠬᠢᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ | ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠦᠶᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠣᠯᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ | ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠰᠢᠨᠵᠢᠯᠡᠬᠦ ᠤᠬᠠᠭᠠᠨᠴᠢ ᠪᠠᠷ ᠤᠯᠠᠮᠵᠢᠯᠠᠨ | ᠳᠡᠯᠭᠡᠷᠡᠭᠦᠯᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠱᠠᠩᠨᠠᠨ ᠬᠥᠬᠢᠭᠦᠯᠵᠦ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ | ᠠᠵᠢᠯ ᠢ ᠬᠠᠷᠢᠭᠤᠴᠠᠨ᠎ᠠ᠃ | ︵ᠶᠢᠰᠦ︶ ᠬᠤᠲᠠ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠡᠬᠢ ᠪᠠᠶᠠᠯᠢᠭ ᠢ ᠵᠦᠢ ᠵᠣᠬᠢᠰᠲᠠᠢ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ | ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ | ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠨ ᠵᠢᠱᠢᠬᠦ | ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠬᠦ ᠲᠣᠭᠲᠠᠴᠠ ᠶᠢᠨ | ᠥᠭᠡᠷᠡᠴᠢᠯᠡᠯᠲᠡ ᠶᠢ ᠵᠢᠯᠣᠭᠤᠳᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ ᠬᠤᠲᠠ ᠶᠢᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠮᠡᠳᠡᠭᠦᠯᠦᠯᠲᠡ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠳᠠᠭᠠᠳᠤ ᠬᠠᠷᠢᠯᠴᠠᠭ᠎ᠠ | ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠤᠷᠰᠢᠯᠴᠠᠬᠤ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ | ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠠᠷᠪᠠᠨ ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠤᠰ ︵ᠬᠢᠯᠢ︶ ᠤᠨ ᠭᠠᠳᠠᠨᠠᠬᠢ | ᠴᠢᠳᠠᠪᠤᠷᠢᠲᠠᠨ ᠪᠠ ᠣᠶᠤᠨ ᠴᠢᠳᠠᠪᠤᠷᠢ ᠶᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠬᠤᠲᠠ ᠶᠢᠨ ᠤᠯᠤᠰ ︵ᠬᠢᠯᠢ︶ ᠤᠨ ᠭᠠᠳᠠᠨᠠᠬᠢ ᠴᠢᠳᠠᠪᠤᠷᠢᠲᠠᠨ ᠪᠠ ᠣᠶᠤᠨ ᠴᠢᠳᠠᠪᠤᠷᠢ ᠶᠢ | ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ | ᠲᠤᠰᠬᠠᠶ ᠮᠡᠷᠭᠡᠵᠢᠯᠲᠡᠨ ᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢᠨ | ᠲᠠᠲᠠᠵᠤ ᠴᠤᠭᠯᠠᠷᠠᠭᠤᠯᠬᠤ ᠲᠣᠭᠲᠠᠴᠠ ᠪᠠ ᠭᠠᠳᠠᠭᠠᠳᠤ ᠶᠢᠨ ᠭᠤᠤᠯᠳᠠᠯᠭ᠎ᠠ ᠲᠠᠢ ᠲᠤᠰᠬᠠᠶ ᠮᠡᠷᠭᠡᠵᠢᠯᠲᠡᠨ ᠲᠠᠢ | ᠬᠠᠷᠢᠯᠴᠠᠵᠤ ᠦᠶᠯᠡᠴᠢᠯᠡᠬᠦ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |