ᠰᠤᠷᠭᠠᠨ ᠬᠥᠮᠥᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-03-04
ᠭᠤᠣᠯ ᠡᠭᠦᠷᠭᠡ ᠬᠠᠷᠢᠭᠤᠴᠠᠯᠭ᠎ᠠ᠄      ︵1︶᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠶᠢᠨ ᠪᠠᠶᠢᠷᠢᠯᠠᠭᠤᠯᠤᠯᠲᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠳᠣᠭᠲᠠᠭᠠᠬᠤ ᠶᠢᠨ ᠬᠠᠮᠲᠤ ᠵᠣᠬᠢᠴᠠᠭᠤᠯᠬᠤ᠂ ᠬᠢᠨᠠᠯᠲᠠ ᠲᠠᠯᠪᠢᠨ ᠬᠡᠷᠡᠭᠵᠢᠭᠦᠯᠬᠦ ᠪᠠ ᠪᠠᠶᠢᠴᠠᠭᠠᠨ ᠰᠢᠯᠭᠠᠬᠤ  ᠶᠢ ᠬᠠᠷᠢᠭᠤᠴᠠᠨ᠎ᠠ  ᠃      ︵2︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠵᠠᠷᠤᠳᠠᠯ ᠤᠨ ᠲᠥᠯᠥᠪᠯᠡᠭᠡ᠂ ᠴᠤᠭᠯᠠᠭᠤᠯᠬᠤ᠂ ᠵᠣᠭᠤᠰ ᠥᠭᠬᠦ᠂ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃      ︵3︶᠂ ᠪᠦᠬᠦ ᠬᠤᠲᠠ ᠶᠢᠨ ᠬᠡᠦᠬᠡᠳ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠰᠠᠭᠤᠷᠢ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠯ᠎ᠡ ᠰᠠᠯᠠᠭ᠎ᠠ ᠮᠥᠴᠢᠷ  ᠠᠴᠠ ᠰᠤᠷᠭᠠᠭᠤᠯᠢ ᠡᠷᠬᠢᠯᠡᠬᠦ ᠪᠠ ᠨᠡᠶᠢᠭᠡᠮ ᠤᠨ ᠬᠦᠴᠦᠨ ᠢᠶᠠᠷ  ᠰᠤᠷᠭᠠᠭᠤᠯᠢ ᠡᠷᠬᠢᠯᠡᠬᠦ ᠶᠢ ᠵᠢᠯᠣᠭᠤᠳᠴᠤ  ᠂ ᠵᠣᠬᠢᠴᠠᠭᠤᠯᠵᠤ  ᠬᠠᠮᠢᠶᠠᠷᠤᠨ᠎ᠠ᠃      ︵4︶᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠂ ᠵᠠᠯᠠᠭᠤ ᠢᠳᠠᠷ ᠰᠣᠶᠣᠯ  ᠤᠨ ᠪᠠᠯᠠᠢ  ᠢ ᠠᠷᠢᠯᠭᠠᠬᠤ ᠪᠠ  ᠳᠤᠮᠳᠠᠳᠤ ᠪᠠᠭ᠎ᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠵᠢᠯ ᠢ ᠬᠢᠨᠠᠨ ᠵᠢᠯᠣᠭᠤᠳᠬᠤ ᠪᠠ ᠦᠨᠡᠯᠡᠯᠲᠡ ᠬᠢᠬᠦ  ᠶᠢ ᠬᠠᠷᠢᠭᠤᠴᠠᠨ᠎ᠠ  ᠃      ︵5︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠶᠢ ᠰᠤᠳᠤᠯᠤᠨ ᠳᠤᠷᠠᠳᠴᠤ᠂ ᠪᠦᠬᠦ ᠬᠤᠲᠠ ᠶᠢᠨ ᠪᠠᠭᠰᠢ ᠶᠢᠨ ᠬᠦᠴᠦᠨ ᠢ ᠬᠥᠮᠦᠵᠢᠭᠦᠯᠬᠦ ᠪᠠ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵6︶᠂ ᠡᠯ᠎ᠡ ᠲᠥᠷᠥᠯ ᠤᠨ ᠰᠤᠷᠭᠠᠭᠤᠯᠢ ᠶᠢᠨ ᠬᠡᠪ ᠰᠤᠷᠲᠠᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠵᠦ ᠵᠢᠯᠣᠭᠤᠳᠤᠨ᠎ᠠ᠃      ︵7︶᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠵᠤ᠂ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ ᠶᠢ ᠵᠢᠯᠣᠭᠤᠳᠤᠨ᠎ᠠ᠃      ︵8︶᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠴᠢᠭᠯᠡᠯᠲᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠦᠷᠦᠯ ᠤᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠵᠢᠯᠣᠭᠤᠳᠤᠨ᠎ᠠ᠃      ︵9︶᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠦᠨᠳᠦᠰᠦᠨ ᠮᠡᠳᠡᠭᠡ ᠵᠠᠩᠭᠢ ᠶᠢᠨ ᠲᠤᠭ᠎ᠠ ᠪᠦᠷᠢᠳᠬᠡᠯ᠂ ᠵᠠᠳᠠᠯᠤᠯᠲᠠ ᠵᠢᠴᠢ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵10︶᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢ ᠬᠠᠮᠢᠶᠠᠷᠴᠤ᠂ ᠰᠤᠷᠭᠠᠨ ᠬᠥᠮᠦᠵᠢᠯ ᠡᠷᠳᠡᠮ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠵᠢᠭᠠᠨ ᠵᠢᠯᠣᠭᠤᠳᠤᠨ᠎ᠠ᠃      ︵11︶᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠢ ᠦᠨᠳᠦᠰᠦᠯᠡᠨ ᠬᠤᠯᠪᠣᠭᠳᠠᠯ ᠪᠦᠬᠦᠢ ᠨᠢᠭᠡᠴᠡ ᠶᠢᠨ ᠤᠳᠤᠷᠢᠳᠬᠤ ᠺᠠᠳ᠋ᠷ ᠲᠣᠮᠢᠯᠠᠬᠤ ᠪᠠ ᠪᠠᠭᠤᠯᠭᠠᠬᠤ ᠫᠷᠤᠭ᠍ᠷᠠᠮ ᠢ ᠬᠢᠨᠠᠨ ᠰᠢᠯᠭᠠᠵᠤ᠂ ᠪᠥᠬᠦ ᠬᠤᠲᠠ ᠶᠢᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠤᠨ᠎ᠠ᠃      ︵12︶᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号