ᠠᠯᠪᠠᠨ ᠭᠡᠷ
ᠨᠡᠶᠢᠲᠡᠯᠡᠭᠰᠡᠨ ᠴᠠᠭ᠄
2019-03-04
ᠭᠤᠣᠯ ᠡᠭᠦᠷᠭᠡ ᠬᠠᠷᠢᠭᠤᠴᠠᠯᠭ᠎ᠠ᠄       ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠬᠤᠲᠠ ᠶᠢᠨ ᠠᠵᠢᠯ ᠤᠨ ᠪᠠᠶᠢᠳᠠᠯ ᠢ ᠣᠶᠢᠯᠠᠭᠠᠨ ᠡᠵᠡᠮᠰᠢᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠡ ᠶᠢᠨ ᠬᠤᠭᠤᠷᠣᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠵᠤ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃       ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠲᠠ ᠶᠢᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠬᠦ ᠠᠯᠪᠠᠨ ᠪᠢᠴᠢᠭ ᠢ ᠲᠣᠭᠤᠷᠪᠢᠨ ᠪᠢᠴᠢᠬᠦ ᠪᠤᠶᠤ ᠬᠢᠨᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ᠂ ᠠᠵᠢᠯ ᠤᠨ ᠢᠯᠡᠳᠬᠡᠯ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠨ᠎ᠡ        ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠳᠡᠭᠡᠷ᠎ᠡ ᠲᠣᠭᠲᠠᠭᠰᠠᠨ ᠤᠴᠢᠷ ᠶᠠᠪᠤᠳᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠷᠠᠯ ᠢ ᠬᠢᠨᠠᠨ ᠵᠥᠪᠰᠢᠶᠡᠷᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃       ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠳᠣᠲᠣᠭᠠᠳᠤ ᠭᠠᠳᠠᠭᠠᠳᠤ ᠶᠠᠪᠤᠳᠠᠯ ᠤᠨ ᠠᠵᠢᠯᠯᠠᠭ᠎ᠠ  ᠶᠢ  ᠲᠣᠬᠢᠷᠠᠭᠤᠯᠬᠤ ᠠᠵᠢᠯ ᠢ ᠬᠠᠷᠢᠭᠤᠴᠠᠨ᠎ᠠ᠃        ︵ᠲᠠᠪᠤ︶ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠠᠷᠢᠭᠤᠴᠠᠨ ᠬᠢᠨᠠᠵᠤ᠂ ᠰᠢᠢᠳᠪᠦᠷᠢᠯᠡᠬᠦ ᠰᠠᠨᠠᠯ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ‌ᠵᠥ᠋ᠪᠰᠢᠶᠡᠷᠡᠭᠦᠯᠦᠨ᠎ᠡ᠃       ︵ᠵᠢᠷᠭᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠢ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠲᠤᠭᠤᠷᠪᠢᠨ ᠲᠣᠭᠲᠠᠭᠠᠵᠤ ᠨᠡᠶᠢᠲᠡᠯᠡᠬᠦ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ ᠳᠤ ᠨᠡᠶᠢᠴᠡᠬᠦ ᠪᠠᠶᠢᠴᠠᠭᠠᠯᠲᠠ ᠬᠢᠨ᠎ᠡ᠃       ︵ᠳᠣᠯᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠰᠠᠨ ᠵᠦᠢᠯᠡᠰ ᠵᠢᠴᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠠᠭ ᠲᠤᠬᠠᠢ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠬᠠᠷᠢᠭᠤ ᠮᠡᠳᠡᠭᠦᠯᠦᠨ᠎ᠡ᠃       ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠨᠠᠶᠢᠷᠠᠭᠤᠯᠵᠤ᠂ ᠬᠦᠷᠭᠡᠨ ᠮᠡᠳᠡᠭᠦᠯᠬᠦ ᠵᠡᠷᠭᠡ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠤ ᠪᠣᠳᠣᠯᠭ᠎ᠠ ᠳᠤ ᠦᠢᠯᠡᠴᠢᠯᠡᠭᠡ ᠬᠠᠩᠭᠠᠨ᠎ᠠ᠃       ︵ᠶᠢᠰᠦ︶ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠢ ᠮᠣᠩᠭᠤᠯ ᠢᠶᠠᠷ ᠣᠷᠴᠢᠭᠤᠯᠬᠤ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠣᠷᠴᠢᠭᠤᠯᠭ᠎ᠠ ᠪᠠ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃       ︵ᠠᠷᠪᠠ︶ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠰᠤᠳᠤᠯᠵᠤ᠂ ᠪᠦᠬᠦ ᠬᠤᠲᠠ ᠶᠢᠨ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠬᠤᠲᠠ ᠶᠢᠨ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠰᠢᠮᠳᠠᠭᠤᠯᠤᠨ ᠪᠠᠶᠢᠴᠠᠭᠠᠯᠲᠠ ᠬᠢᠨ᠎ᠡ        ︵ᠠᠷᠪᠠᠨ ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠢᠬᠦ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠬᠢᠯᠡᠨ᠎ᠡ᠃       ︵ᠠᠷᠪᠠᠨ ᠬᠤᠶᠠᠷ︶ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠢ ᠲᠦᠯᠦᠪᠵᠢᠭᠦᠯᠦᠨ ᠵᠢᠯᠤᠭᠤᠳᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ  ᠲᠠᠯᠪᠢᠵᠤ ᠪᠠᠶᠢᠴᠠᠭᠠᠬᠤ  ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠶᠢ ᠡᠷᠴᠢᠮᠵᠢᠭᠦᠯᠦᠨ ᠪᠦᠲᠦᠭᠡᠨ ᠪᠠᠶᠢᠭᠤᠯᠬᠤ ᠪᠠ ᠰᠢᠯᠭᠠᠨ ᠦᠨᠡᠯᠡᠬᠦ᠂ ᠬᠢᠨᠠᠨ ᠬᠠᠮᠢᠶᠠᠷᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃       ︵ᠠᠷᠪᠠᠨ ᠭᠤᠷᠪᠠ︶ ᠬᠤᠲᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠲᠡᠰ ᠤᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠵᠢᠯᠣᠭᠤᠳᠤᠨ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃       ︵ᠠᠷᠪᠠᠨ ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠠᠮᠢᠶ᠎ᠠ ᠪᠦᠬᠦᠢ ᠵᠢᠭᠠᠪᠤᠷᠢ ᠴᠣᠬᠤᠯᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃       ︵ᠠᠷᠪᠠᠨ ᠲᠠᠪᠤ︶ ᠪᠦᠬᠦ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠵᠢᠯᠣᠭᠤᠳᠤᠨ ᠰᠢᠮᠳᠠᠭᠤᠯᠵᠤ ᠪᠠᠶᠢᠴᠠᠭᠠᠨ᠎ᠠ᠃       ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠨ ᠭᠦᠢᠴᠡᠳᠬᠡᠭᠰᠡᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号