ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
      ᠰᠢᠦᠢ ᠶᠠᠨ ᠭᠥᠸᠧ      ᠬᠦᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠠᠵᠢᠯ ᠤᠨ ᠬᠤᠪᠢᠶᠠᠷᠢᠯᠠᠯ      ᠲᠣᠪᠴᠢᠶᠠᠨ ᠤ ᠪᠦᠬᠦ ᠲᠠᠯ᠎ᠠ  ᠠᠵᠢᠯ ᠢ ᠡᠷᠬᠢᠯᠡᠨ᠎ᠡ᠂ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠭᠤᠣᠯᠴᠢᠯᠠᠨ ᠠᠳᠬᠤᠨ᠎ᠠ᠃ ᠲᠣᠪᠴᠢ ᠨᠠᠮᠲᠠᠷ      ᠰᠢᠦᠢ ᠶᠠᠨ ᠭᠥᠸᠧ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 5 ᠳ᠋ᠤᠭᠠᠷ ᠰᠠᠷ᠎ᠠ ᠳᠤ ᠲᠥᠷᠥᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠲᠠᠢ᠃       ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠴᠠ‌ᠵᠥ᠋ᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾  ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠣᠯ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠭᠠᠵᠠᠷ ᠤᠨ ᠲᠠᠰ ᠤᠨ ᠨᠢᠭᠡᠴᠡ᠃      ᠭᠤᠷᠪᠠᠳᠤᠭᠠᠷ ᠵᠦᠢᠯ ᠬᠦᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠲᠣᠮᠣ ᠳ᠋ᠠᠶᠢᠲ᠋ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠦ᠂ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠪᠠᠷᠢᠮᠵᠢᠶᠠᠲᠤ ᠵᠢᠷᠤᠮᠵᠢᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠦᠨᠡᠯᠡᠬᠦ ᠰᠢᠰᠲ᠋ᠧᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠲᠣᠭᠠᠴᠢᠯᠠᠭᠰᠠᠨ ᠵᠠᠰᠠᠭ ᠤᠨ ᠣᠷᠳᠣᠨ︾᠂ ︽ᠤᠶᠤᠨᠲᠤ ᠬᠤᠲᠠ︾ ᠪᠠ ︽ᠲᠣᠭᠠᠴᠢᠯᠠᠭᠰᠠᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ︵ᠬᠤᠶᠠᠷ︶ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠵᠤ᠂ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠵᠣᠬᠢᠴᠠᠭᠤᠯᠭ᠎ᠠ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠤᠨ ᠬᠦᠷᠢᠶᠡᠨ ᠤ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠵᠤ᠂ ᠪᠦᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠵᠡᠷᠭᠡ ᠨᠢᠭᠡᠳᠦᠯᠲᠡᠢ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠣᠬᠢᠴᠠᠭᠤᠯᠭ᠎ᠠ᠂ ᠬᠠᠮᠢᠶᠠᠷᠤᠯᠲᠠ ᠶᠢ ᠬᠠᠷᠢᠭᠤᠴᠠᠵᠤ᠂ ᠲᠤᠭ᠎ᠠ ᠪᠠᠷᠢᠮᠲᠠ ᠶᠢᠨ ᠲᠥᠪ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠡᠷᠴᠢᠮᠵᠢᠭᠦᠯᠦᠨ ᠠᠰᠢᠭᠯᠠᠬᠤ ᠶᠢ ᠬᠠᠷᠢᠭᠤᠴᠠᠨ᠎ᠠ︔ ᠪᠤᠰᠤᠳ ᠬᠦᠷᠢᠶ᠎ᠡ ᠴᠠᠷᠠᠭᠠᠨ ᠤ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃      ︵ᠭᠤᠷᠪᠠ︶ ᠪᠦᠬᠦ ᠬᠤᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠤᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠥᠷᠢᠨᠰᠢᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠪᠠ ᠨᠡᠶᠢᠭᠡᠮ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠢᠶᠠᠷᠴᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠤᠨ ᠬᠤᠷᠠᠮᠳᠤᠭᠤᠯᠬᠤ ᠶᠢ ᠠᠬᠢᠭᠤᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠥᠷᠢᠨᠰᠢᠭᠦᠯᠥᠨ᠂ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠰᠤᠷᠪᠤᠯᠵᠢ ᠶᠢ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠪᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠪᠴᠠᠩ ᠢ ᠪᠥᠷᠢᠨᠰᠢᠭᠦᠯᠥᠨ᠂ ᠵᠠᠰᠠᠭ ᠤᠨ ᠶᠠᠪᠤᠳᠠᠯ᠂ ᠠᠷᠠᠳ ᠤᠨ ᠠᠮᠢᠳᠤᠷᠠᠯ᠂ ᠠᠵᠤ ᠦᠢᠯᠡᠰ ᠤᠨ ᠬᠦᠷᠢᠶᠡᠨ ᠳᠠᠬᠢ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠨᠵᠡᠭᠡᠶ ᠨᠡᠭᠡᠭᠡᠨ ᠠᠰᠢᠭᠯᠠᠬᠤ ᠪᠠ ᠬᠠᠮᠲᠤ ᠪᠠᠷ ᠬᠦᠷᠲᠡᠬᠦ ᠨᠡᠭᠡᠭᠡᠯᠲᠡ ᠶᠢ ᠠᠬᠢᠭᠤᠯᠤᠨ᠎ᠠ᠃       ︵ᠳᠥᠷᠪᠡ︶ ᠪᠥᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠢᠯ ᠢ ᠦᠨᠡᠯᠡᠨ ᠵᠢᠱᠢᠵᠦ ᠰᠢᠯᠭᠠᠨ ᠬᠢᠨᠠᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠠᠬᠢᠭᠤᠯᠤᠨ᠎ᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡᠳᠦᠯᠲᠡᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠤᠨ ᠰᠢᠢᠳᠪᠦᠷᠢᠲᠦ ᠪᠣᠳᠣᠯᠭ᠎ᠠ ᠳᠤ ᠲᠤᠭ᠎ᠠ ᠪᠠᠷᠢᠮᠲᠠ ᠶᠢᠨ ᠦᠢᠯᠡᠴᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠵᠠᠭᠪᠤᠷ ᠢ ᠰᠢᠨᠡᠴᠢᠯᠡᠬᠦ ᠶᠢ ᠠᠬᠢᠭᠤᠯᠤᠨ᠂ ︽ᠲᠣᠭᠠᠴᠢᠯᠠᠭᠰᠠᠨ ᠵᠠᠰᠠᠭ ᠤᠨ ᠣᠷᠳᠣᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠪᠦᠬᠦ ᠬᠤᠲᠠ ᠶᠢᠨ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠪᠠ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠲᠣᠭᠲᠠᠭᠠᠬᠤ ᠪᠠ ᠨᠠᠶᠢᠳᠠᠪᠤᠷᠢᠵᠢᠭᠤᠯᠵᠦ᠂ ᠲᠤᠭ᠎ᠠ ᠪᠠᠷᠢᠮᠲᠠ ᠪᠠᠷ ᠵᠠᠩᠭᠢᠯᠠᠭ᠎ᠠ ᠶᠢᠨ ᠬᠦᠴᠦᠨ ᠵᠦᠢᠯ ᠢᠶᠠᠨ ᠪᠣᠯᠭᠠᠭᠰᠠᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ ᠬᠢᠭᠡᠳ ᠡᠭᠦᠯᠡᠨ ᠪᠣᠳᠣᠯᠲᠠ᠂ ᠪᠣᠳᠠᠰ ᠤᠨ ᠬᠤᠯᠪᠣᠭᠠᠨ ᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠪᠠᠷ ᠪᠤᠢ ᠪᠣᠯᠤᠭᠰᠠᠨ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠎ᠠ᠃ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃      ︵ᠵᠢᠷᠭᠤᠭ᠎ᠠ︶ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮᠵᠢ ᠶᠢᠨ ᠪᠦᠲᠦᠭᠡᠨ  ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ᠂ ᠣᠯᠠᠨ ᠨᠡᠶᠢᠲᠡ ᠶᠢᠨ ᠲᠤᠭ᠎ᠠ ᠪᠠᠷᠢᠮᠲᠠ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠠᠶᠤᠯᠭᠦᠢ ᠶᠢ ᠪᠠᠲᠤᠯᠠᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠳᠣᠯᠤᠭ᠎ᠠ︶ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠬᠦᠷᠢᠶ᠎ᠡ ᠴᠠᠷᠠᠭ᠎ᠠ ᠶᠢᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠲᠣᠮᠣ ᠳ᠋ᠠᠶᠢᠲ᠋ᠠ ᠶᠢᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠯᠪᠣᠭᠠᠲᠤ ᠪᠠᠶᠢᠭᠤᠯᠤᠮᠵᠢ ᠶᠢᠨ ᠠᠵᠢᠯ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ᠂ ᠬᠥᠮᠦᠵᠢᠭᠦᠯᠦᠨ ᠪᠣᠯᠪᠠᠰᠤᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃      ︵ᠨᠠᠢᠮᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠲᠣᠭᠲᠠᠭᠠᠯ ᠶᠣᠰᠣᠭᠠᠷ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠥᠬᠦᠮ ᠪᠣᠯᠭᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠠᠬᠢᠭᠤᠯᠵᠤ᠂ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ︽ᠲᠣᠭᠠᠴᠢᠯᠠᠭᠰᠠᠨ ᠵᠠᠰᠠᠭ ᠤᠨ ᠣᠷᠳᠣᠨ︾ ︽ᠣᠶᠤᠨᠲᠤ ᠬᠤᠲᠠ︾ ᠪᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠤᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠠᠬᠢᠭᠤᠯᠵᠤ᠂ ᠮᠡᠳᠡᠭᠡ ᠵᠠᠩᠭᠢ ᠶᠢᠨ ︽ᠥᠨᠥᠴᠢᠨ ᠠᠷᠠᠯ︾ ᠪᠠ ᠳ᠋ᠠᠶᠢᠲ᠋ᠠ ᠶᠢᠨ ︽ᠬᠤᠯᠠᠩ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠲᠡᠶᠢᠰᠢ ᠶᠢᠨ ᠰᠢᠯᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢᠨ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠤᠭ᠎ᠠ ᠪᠠᠷᠢᠮᠲᠠ ᠵᠢᠴᠢ ᠬᠠᠮᠢᠶ᠎ᠠ ᠪᠦᠬᠦᠢ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠦᠬᠦ ᠬᠤᠳᠠ ᠶᠢᠨ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠠᠬᠢᠭᠤᠯᠵᠤ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠲᠣᠭᠠᠴᠢᠯᠠᠭᠰᠠᠨ ᠬᠡᠯᠪᠡᠷᠢ ᠲᠡᠶᠢᠰᠢ ᠰᠢᠯᠵᠢᠬᠦ ᠬᠦᠭᠵᠢᠯᠲᠡ ᠶᠢ ᠠᠬᠢᠭᠤᠯᠤᠨ᠎ᠠ᠃      ︵ᠠᠷᠪᠠᠨ ᠨᠢᠭᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃      1. ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠯᠦᠭᠡ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠨᠢ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠵᠢᠯᠣᠭᠤᠳᠤᠨ ᠠᠬᠢᠭᠤᠯᠬᠤ ᠶᠢ ᠬᠠᠷᠢᠭᠤᠴᠠᠵᠤ᠂ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠡᠯ᠎ᠡ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠡᠳᠡᠭᠡ ᠵᠠᠩᠭᠢᠵᠢᠯᠲᠠ ᠶᠢᠨ ᠠᠵᠢᠯ ᠢ ᠵᠢᠯᠤᠭᠤᠳᠴᠤ ᠪᠠᠶᠢᠴᠠᠭᠠᠵᠤ ᠠᠬᠢᠭᠤᠯᠤᠨ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠥᠬᠦ ᠬᠤᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠦᠬᠦᠯᠢ ᠴᠣᠭᠴᠠ ᠶᠢᠨ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠵᠢᠯ ᠢ ᠵᠢᠯᠣᠭᠤᠳᠤᠨ ᠲᠥᠯᠥᠪᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠨᠡᠭᠡᠭᠡᠯᠲᠡ ᠬᠢᠬᠦ ᠪᠠ ᠨᠡᠭᠡᠭᠡᠨ ᠠᠰᠢᠭᠯᠠᠬᠤ ᠶᠢ ᠠᠬᠢᠭᠤᠯᠤᠨ᠂ ᠵᠠᠰᠠᠭ ᠤᠨ ᠬᠡᠷᠡᠭᠯᠡᠭᠡᠨ ᠤ᠂ ᠠᠷᠠᠳ ᠤᠨ ᠬᠡᠷᠡᠭᠯᠡᠭᠡᠨ ᠤ᠂ ᠬᠤᠳᠠᠯᠳᠤᠭᠠᠨ ᠤ ᠬᠡᠷᠡᠭᠯᠡᠭᠡᠨ ᠤ ᠲᠣᠮᠣ ᠳ᠋ᠠᠶᠢᠲ᠋ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠬᠠᠷᠢᠭᠤᠴᠠᠨ᠎ᠠ᠃      2. ᠬᠤᠲᠠ ᠶᠢᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠯᠤᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠨᠢ ᠪᠥᠬᠦ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠬᠤ ᠶᠢ ᠬᠠᠷᠢᠭᠤᠴᠠᠵᠤ᠂ ᠪᠦᠲᠦᠭᠡᠨ ᠪᠠᠶᠢᠭᠤᠯᠤᠯᠲᠠ ᠪᠠ ᠬᠡᠷᠡᠭᠯᠡᠭᠡᠨ ᠤ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠠᠬᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠭᠤᠯᠭ᠎ᠠ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠵᠢᠯᠤᠭᠤᠳᠬᠤ ᠶᠢ ᠬᠠᠷᠢᠭᠤᠴᠠᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠤᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠬᠤ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠲᠣᠭᠲᠠᠭᠠᠬᠤ᠂ ᠠᠵᠢᠯᠯᠠᠭᠠᠨ ᠢ ᠬᠢᠨᠠᠨ ᠬᠠᠮᠢᠶᠠᠷᠬᠤ᠂ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠡᠭᠦᠷᠭᠡᠯᠡᠵᠦ᠂ ᠲᠠᠪᠴᠠᠩ ᠤᠨ ᠬᠡᠷᠡᠭᠯᠡᠯᠲᠡ ᠶᠢ ᠠᠬᠢᠭᠤᠯᠤᠨ᠎ᠠ᠃ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠳᠤᠷᠠᠳᠴᠤ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ ᠲᠠᠢ ᠬᠠᠮᠵᠢᠯᠴᠠᠨ ᠪᠥᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠠᠬᠢᠭᠤᠯᠵᠤ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠨᠢᠭᠡᠳᠦᠯᠲᠡᠢ ᠮᠡᠷᠭᠡᠵᠢᠯ ᠤᠨ ᠲᠠᠪᠴᠠᠩ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠨᠢᠭᠡᠳᠦᠯᠲᠡᠢ ᠲᠥᠯᠦᠪᠵᠢᠭᠦᠯᠭᠡ᠂ ᠰᠢᠰᠲ᠋ᠧᠮ ᠤᠨ ᠪᠠᠶᠢᠭᠤᠯᠤᠯᠲᠠ᠂ ᠠᠵᠢᠯᠯᠠᠭᠠᠨ ᠤ ᠬᠠᠮᠠᠭᠠᠯᠠᠯᠲᠠ᠂ ᠮᠡᠷᠭᠡᠵᠢᠯ ᠤᠨ ᠳᠡᠮᠵᠢᠯᠭᠡ᠂ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃      3. ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠯᠤᠭ᠎ᠠ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠲᠠᠯ᠎ᠠ ᠪᠠᠷ  ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃      ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠬᠠᠷᠢᠭᠤᠴᠠᠨ᠎ᠠ᠃ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠡᠯᠧᠺᠲᠷᠣᠨ ᠮᠡᠳᠡᠭᠡ ᠵᠠᠩᠭᠢ ᠶᠢᠨ ᠦᠢᠯᠡᠳᠬᠦᠨ ᠦᠢᠯᠡᠳᠬᠦ ᠦᠢᠯᠡᠰ᠂ ᠵᠥᠭᠡᠯᠡᠨ ᠲᠣᠨᠤᠭ ᠤᠨ ᠦᠢᠯᠡᠰ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃      ᠳᠥᠷᠪᠡᠳᠦᠭᠡᠷ ᠵᠦᠢᠯ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠤᠨ ᠠᠵᠢᠯᠯᠠᠭᠠᠨ᠂ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ ᠢ ᠪᠠᠶᠢᠴᠠᠭᠠᠬᠤ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠵᠠᠬᠢᠳᠠᠯ ᠰᠣᠷᠪᠤᠯᠵᠢᠯᠠᠭ᠎ᠠ᠂ ᠵᠢᠵᠢᠭᠦᠷ᠂ ᠠᠮᠤᠷ ᠲᠦᠪᠰᠢᠨ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ᠂ ᠶᠡᠷᠦᠩᠬᠡᠶᠢᠯᠡᠭᠰᠡᠨ ᠡᠬᠡ ᠪᠢᠴᠢᠭ ᠢ ᠲᠤᠭᠤᠷᠪᠢᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠣᠪᠴᠢᠶᠠᠨ ᠤ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ ᠪᠠ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠠᠵᠢᠯ ᠠᠴᠠ ᠪᠠᠨ ᠳᠠᠷᠬᠠᠯᠠᠭᠳᠠᠭᠰᠠᠳ ᠠᠵᠢᠯ ᠠᠴᠠ ᠪᠠᠨ ᠠᠮᠠᠷᠠᠭᠰᠠᠳ᠂ ᠺᠠᠳ᠋ᠷᠴᠤᠳ ᠢ ᠪᠣᠯᠪᠠᠰᠤᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠤᠴᠢᠷ ᠶᠠᠪᠤᠳᠠᠯ ᠪᠠ ᠲᠤᠰᠬᠠᠢ ᠠᠵᠢᠯ ᠢ ᠰᠢᠮᠳᠠᠭᠤᠯᠤᠨ ᠰᠢᠢᠳᠪᠦᠷᠢᠯᠡᠵᠦ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠵᠢᠴᠢ ᠲᠣᠮᠣ ᠳ᠋ᠠᠶᠢᠲ᠋ᠠ ᠶᠢᠨ ᠬᠦᠷᠢᠶᠡᠨ ᠳᠠᠬᠢ ᠲᠠᠨᠢᠯᠴᠠᠭᠤᠯᠬᠤ᠂ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠶᠢ ᠬᠠᠷᠢᠭᠤᠴᠠᠨ᠎ᠠ᠃      ︵ᠬᠤᠶᠠᠷ︶ ᠲᠥᠯᠦᠪᠵᠢᠭᠦᠯᠭᠡ ᠪᠠᠷᠢᠮᠵᠢᠶ᠎ᠠ ᠶᠢᠨ ᠰᠠᠯᠠᠭ᠎ᠠ᠃ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠤᠳᠤᠯᠤᠨ ᠲᠤᠭᠤᠷᠪᠢᠬᠤ ᠶᠢ ᠬᠠᠷᠢᠭᠤᠴᠠᠨ᠎ᠠ︔ ᠪᠥᠬᠦ ᠬᠤᠲᠠ ᠶᠢᠨ ᠲᠣᠮᠣ ᠳ᠋ᠠᠶᠢᠲ᠋ᠠ᠂ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠦᠨᠡᠯᠡᠬᠦ ᠰᠢᠰᠲ᠋ᠧᠮᠵᠢ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠣᠨ ᠤ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠪᠠ ᠣᠷᠣᠨ ᠨᠤᠲᠤᠭ ᠤᠨ ᠲᠤᠭ᠎ᠠ ᠪᠠᠷᠢᠮᠲᠠ ᠶᠢᠨ ᠮᠡᠷᠭᠡᠵᠢᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠶᠡᠭᠡ ᠲᠤᠭ᠎ᠠ ᠪᠠᠷ ᠨᠡᠪᠲᠡᠷᠡᠭᠦᠯᠬᠦ ᠪᠠᠷᠢᠮᠵᠢᠶ᠎ᠠ ᠶᠢᠨ ᠰᠢᠰᠲ᠋ᠧᠮᠵᠢ ᠪᠠ ᠬᠢᠨᠠᠨ ᠰᠢᠯᠭᠠᠬᠤ ᠰᠢᠰᠲ᠋ᠧᠮᠵᠢ ᠶᠢ ᠰᠤᠳᠤᠯᠤᠨ ᠲᠣᠭᠲᠠᠭᠠᠨ᠎ᠠ᠃ ᠲᠣᠮᠣ ᠳ᠋ᠠᠶᠢᠲ᠋ᠠ᠂ ᠮᠡᠳᠡᠭᠡ ᠵᠠᠩᠭᠢᠵᠢᠯᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠶᠢ ᠵᠢᠯᠤᠭᠤᠳᠴᠤ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠳᠤ ᠣᠷᠤᠯᠴᠠᠨ᠂ ᠡᠳ᠋ ᠤᠨ ᠵᠠᠰᠠᠭ ᠤᠨ ᠴᠢᠨᠠᠷᠲᠠᠢ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠵᠢᠴᠢ ᠬᠠᠮᠢᠶ᠎ᠠ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠠᠶᠢᠭᠤᠯᠭ᠎ᠠ ᠤ ᠬᠤᠯᠪᠣᠭᠳᠠᠯ ᠪᠦᠬᠦᠢ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ  ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠣᠶᠤᠨ ᠤ ᠬᠥᠮᠥᠷᠭᠡ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃      ︵ᠭᠤᠷᠪᠠ︶ ᠠᠵᠤ ᠦᠢᠯᠡᠰ ᠤᠨ ᠬᠦᠭᠵᠢᠯᠲᠡ ᠶᠢᠨ ᠰᠠᠯᠠᠭ᠎ᠠ᠃ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠪᠣᠳᠠᠲᠠᠢ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠬᠠᠷᠢᠭᠤᠴᠠᠵᠤ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠢ ᠪᠣᠶᠢᠵᠢᠭᠤᠯᠬᠤ ᠪᠠ ᠲᠥᠷᠥᠯ ᠲᠡᠮᠳᠡᠭᠲᠦ ᠶᠢ ᠴᠤᠭᠴᠠᠯᠠᠬᠤ ᠠᠵᠢᠯ ᠢ ᠰᠠᠶᠢᠳᠤᠷ ᠬᠢᠨ᠎ᠡ᠃ ᠲᠣᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ  ᠠᠷᠭᠠᠴᠠᠭᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ ᠲᠣᠮᠣ ᠳ᠋ᠠᠶᠢᠲ᠋ᠠ᠂ ᠮᠡᠳᠡᠭᠡ ᠵᠠᠩᠭᠢᠵᠢᠯᠲᠠ ᠵᠡᠷᠭᠡ ᠶᠢᠨ ᠲᠤᠰᠬᠠᠢ ᠪᠡᠯᠡ ᠮᠥᠩᠭᠦ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠯᠪᠣᠭ᠎ᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠷᠢᠯᠴᠠᠨ᠎ᠠ᠃      ︵ᠳᠥᠷᠪᠡ︶ ᠲᠣᠮᠣ ᠳ᠋ᠠᠶᠢᠲ᠋ᠠ ᠶᠢᠨ ᠬᠡᠷᠡᠭᠯᠡᠭᠡ ᠶᠢᠨ ᠰᠠᠯᠠᠭ᠎ᠠ᠃ ︽ᠲᠤᠭᠠᠴᠢᠯᠠᠭᠰᠠᠨ ᠵᠠᠰᠠᠭ ᠤᠨ ᠣᠷᠳᠣᠨ︾᠂ ︽ᠣᠶᠤᠨᠲᠤ ᠬᠤᠳᠠ︾ ᠪᠠ ︽ᠲᠣᠭᠠᠴᠢᠯᠠᠭᠰᠠᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ  ᠵᠣᠬᠢᠴᠠᠭᠤᠯᠤᠨ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠵᠠᠰᠠᠭ ᠤᠨ ᠣᠷᠳᠣᠨ ᠤ ᠵᠠᠰᠠᠯᠲᠠ ᠪᠠ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶᠡᠨ ᠳᠠᠬᠢ  ᠪᠦᠲᠦᠭᠡᠯᠴᠢ ᠬᠡᠷᠡᠭᠯᠡᠭᠡ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ︽ᠣᠶᠤᠨᠲᠤ ᠬᠤᠲᠠ︾ ︽ᠲᠣᠭᠠᠴᠢᠯᠠᠭᠰᠠᠨ ᠬᠥᠳᠡᠭᠡ ᠲᠣᠰᠬᠤᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠶᠤᠨᠲᠤ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠡᠷᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠰᠲ᠋ᠧᠮ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠬᠢᠭᠡᠳ ᠨᠡᠶᠢᠭᠡᠮ ᠤᠨ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠶᠢ ᠬᠠᠷᠢᠭᠤᠴᠠᠨ᠎ᠠ᠃ ᠰᠢᠨ᠎ᠡ ᠬᠡᠯᠪᠡᠷᠢ ᠶᠢᠨ ︽ᠣᠶᠤᠨᠲᠤ ᠬᠤᠲᠠ︾ ᠶᠢᠨ ᠵᠢᠯᠣᠭᠤᠳᠤᠨ ᠡᠵᠡᠩᠨᠡᠬᠦ ᠲᠥᠪ᠂ ᠲᠤᠭ᠎ᠠ ᠪᠠᠷᠢᠮᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠬᠤᠳᠠ ᠶᠢᠨ ᠮᠡᠳᠡᠭᠡ ᠬᠤᠯᠪᠣᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃      ︵ᠲᠠᠪᠤ︶ ᠡᠯᠧᠺᠲᠷᠣᠨ ᠵᠠᠰᠠᠭ ᠤᠨ ᠶᠠᠪᠤᠳᠠᠯ ᠬᠢᠭᠡᠳ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠯᠠᠭ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠵᠠᠰᠠᠯᠲᠠ ᠪᠠ ᠡᠵᠡᠩᠨᠡᠯᠲᠡ ᠶᠢ ᠨᠢᠭᠡᠳᠦᠯᠲᠡᠢ ᠲᠦᠯᠦᠪᠵᠢᠭᠦᠯᠬᠦ ᠶᠢ ᠡᠭᠦᠷᠭᠡᠯᠡᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠤᠷᠠᠮᠳᠤᠭᠤᠯᠤᠨ᠎ᠠ᠃ ᠬᠤᠲᠠ ᠶᠢᠨ ᠶᠠᠪᠤᠳᠠᠯ ᠤᠨ ᠡᠭᠦᠯᠡᠨ ᠪᠣᠳᠣᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ ᠪᠥᠬᠦ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠡᠭᠦᠷᠭᠡᠯᠡᠨ᠎ᠡ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠪᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠢ ᠲᠣᠭᠲᠠᠭᠠᠬᠤ᠂ ᠴᠤᠭᠯᠠᠭᠤᠯᠤᠨ ᠡᠮᠬᠢᠳᠬᠡᠬᠦ ᠶᠢ ᠵᠣᠬᠢᠴᠠᠭᠤᠯᠤᠨ ᠠᠬᠢᠭᠤᠯᠤᠨ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠰᠣᠯᠢᠯᠴᠠᠬᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠢᠯᠦᠭᠡᠲᠡᠢ ᠪᠣᠯᠭᠠᠬᠤ ᠵᠡᠷᠭᠡ ᠠᠵᠢᠯ ᠢ ᠨᠢᠭᠡᠳᠦᠯᠲᠡᠢ ᠲᠦᠯᠦᠪᠯᠡᠵᠦ᠂ ᠲᠣᠮᠣ ᠳ᠋ᠠᠶᠢᠲ᠋ᠠ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠂ ᠲᠣᠮᠣ ᠳ᠋ᠠᠶᠢᠲ᠋ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠰᠤᠳᠤᠯᠤᠨ ᠲᠣᠭᠲᠠᠭᠠᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠪᠠ ᠣᠯᠠᠨ ᠨᠡᠶᠢᠲᠡ ᠶᠢᠨ ᠳ᠋ᠠᠶᠢᠲ᠋ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠤ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠬᠦ ᠳᠤ ᠣᠷᠣᠯᠴᠠᠵᠤ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠪᠠ ᠴᠢᠬᠤᠯᠠ ᠴᠠᠭ ᠦᠶ᠎ᠡ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃      ᠪᠠᠶᠢᠭᠤᠯᠭ᠎ᠠ ᠶᠢᠨ ᠨᠠᠮ ᠤᠨ ᠡᠭᠦᠷ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨᠴᠢ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 20 ᠨᠡᠷᠡᠰ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2︔ ᠰᠠᠯᠠᠭᠠᠨ ᠲᠠᠰ ᠤᠨ ᠤᠳᠤᠷᠢᠳᠤᠯᠭ᠎ᠠ ᠶᠢᠨ ᠲᠤᠰᠢᠶᠠᠯ ᠳᠤ 12 ᠬᠥᠮᠥᠨ ︵ᠵᠢᠩᠬᠢᠨᠢ ᠰᠠᠯᠠᠭᠠᠨ ᠲᠡᠰ ᠤᠨ ᠤᠳᠤᠷᠢᠳᠤᠯᠭ᠎ᠠ 6  ︵ᠪᠠᠶᠢᠭᠤᠯᠭ᠎ᠠ ᠶᠢᠨ ᠨᠠᠮ ᠤᠨ ᠡᠭᠦᠷ ᠤᠨ ᠲᠤᠰᠬᠠᠢ ᠲᠤᠰᠢᠶᠠᠯᠲᠤ ᠳᠡᠳ᠋ ᠱᠦᠵᠢ 1 ᠬᠥᠮᠥᠨ ᠪᠠᠭᠲᠠᠨ᠎ᠠ︶  ᠳᠡᠳ᠋ ᠰᠠᠯᠠᠭᠠᠨ ᠲᠡᠰ ᠤᠨ ᠤᠳᠤᠷᠢᠳᠤᠯᠭ᠎ᠠ 6︶᠃      ᠵᠢᠷᠭᠤᠳᠤᠭᠠᠷ ᠵᠦᠢᠯ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ  ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠵᠢᠯᠯᠠᠬᠤ ᠭᠠᠵᠠᠷ ᠤᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠱᠦᠢ ᠠᠨ ᠵᠢᠵᠢᠭ ᠪᠠᠯᠭᠠᠰᠤᠨ ᠤ G ᠲᠣᠭᠤᠷᠢᠭ ᠤᠨ G4 ᠳ᠋ᠤᠭᠡᠷ ᠠᠰᠠᠷ ᠤᠨ 4 ᠳ᠋ᠤᠭᠡᠷ ᠳᠠᠪᠬᠤᠷᠯᠠᠭ᠎ᠠ ᠶᠢᠨ 403 ᠥᠷᠦᠭᠡ      ᠠᠵᠢᠯᠯᠠᠬᠤ ᠴᠠᠭ᠄ ᠦᠳᠡ ᠶᠢᠨ ᠡᠮᠦᠨ᠎ᠡ  9᠄ 00 ︱ 12᠄ 00᠂ ᠦᠳᠡ ᠶᠢᠨ ᠬᠤᠶᠢᠨ᠎ᠠ 1᠄ 30 ︱ 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471 ︱ 4601019      ᠬᠠᠷᠢᠭᠤᠴᠠᠯᠭᠠᠲᠠᠨ᠄ ᠰᠢᠦᠢ ᠶᠠᠨ ᠭᠥᠸᠧ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ