ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
     ᠬᠦᠬᠡᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠦᠯᠢᠶᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠦᠷᠢᠮ ᠪᠠ ᠢᠵᠢ ᠪᠦᠷᠢᠳᠦᠭᠦᠯᠦᠭᠰᠡᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ᠃ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠠᠬᠢ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠲᠥᠷᠦ ᠶᠢᠨ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠤᠨ᠎ᠠ᠃  ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠰᠠᠭᠤᠨ ᠯᠠᠪᠯᠠᠵᠤ ᠪᠣᠯᠪᠠᠰᠤᠷᠠᠭᠤᠯᠤᠯ ᠤᠨ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃      ︵ᠬᠤᠶᠠᠷ︶ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠢ ᠲᠤᠭᠤᠷᠪᠢᠨ ᠲᠣᠭᠲᠠᠭᠠᠨ᠎ᠠ᠃ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠶᠣᠰᠣᠲᠠᠶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠠᠪᠤᠴᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠭᠡᠷ᠎ᠡ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠬᠦ᠂ ᠬᠢᠨᠠᠯᠲᠠ ᠲᠠᠯᠪᠢᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ ᠂ ᠨᠡᠶᠢᠲᠡ ᠶᠢᠨ ᠡᠬᠢ ᠪᠠᠶᠠᠯᠢᠭ ᠤᠨ ᠠᠵᠢᠯᠯᠠᠭ᠎ᠠ ᠶᠢᠨ ᠵᠠᠭᠠᠯᠳᠤᠯᠭ᠎ᠠ ᠪᠠ ᠰᠡᠵᠢᠭᠯᠡᠯ ᠢ ᠬᠦᠯᠢᠶᠡᠨ ᠠᠪᠴᠤ ᠰᠢᠢᠳᠪᠦᠷᠢᠯᠡᠨ᠎ᠡ᠃      ︵ᠭᠤᠷᠪᠠ︶ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠠᠷᠠᠯᠵᠢᠶᠠᠨ ᠤ ᠠᠵᠢᠯᠯᠠᠭ᠎ᠠ ᠶᠢ ᠬᠠᠷᠢᠭᠤᠴᠠᠨ ᠵᠢᠯᠣᠭᠤᠳᠴᠤ᠂ ᠳᠠᠭᠠᠭᠠᠴᠢᠯᠠᠯᠲᠠ ᠵᠠᠷᠯᠠᠬᠤ ᠲᠥᠷᠥᠯ ᠵᠦᠶᠯ ᠳᠤ ᠲᠠᠰᠢᠷᠠᠮ ᠳᠠᠭᠠᠤ ᠰᠤᠭᠤᠴᠢᠨ ᠪᠠᠶᠢᠴᠠᠭᠠᠯᠲᠠ ᠥᠷᠨᠢᠭᠦᠯᠦᠨ᠎ᠡ︔ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠠᠷᠠᠯᠵᠢᠶᠠᠨ ᠤ ᠲᠥᠷᠥᠯ ᠵᠦᠢᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠶᠴᠡᠳᠬᠡᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠯᠣᠭᠤᠳᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ  ᠶᠢᠨ ᠳᠠᠭᠠᠭᠠᠴᠢᠯᠠᠯᠲᠠ ᠵᠠᠷᠯᠠᠬᠤ ᠠᠴᠠ ᠡᠮᠦᠨᠡᠬᠢ ᠬᠢᠨᠠᠨ ᠵᠥᠪᠰᠢᠶᠡᠷᠡᠬᠦ ᠪᠠ ᠳᠠᠭᠠᠭᠠᠴᠢᠯᠠᠯᠲᠠ ᠵᠠᠷᠯᠠᠭᠰᠠᠨ ᠤ ᠳᠠᠷᠠᠭᠠᠬᠢ ᠭᠡᠷ᠎ᠡ ᠪᠠᠨ ᠭᠦᠶᠴᠡᠳᠬᠡᠬᠦ ᠶᠠᠪᠤᠴᠠ  ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠪᠠᠶᠢᠴᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃      ︵ᠳᠥᠷᠪᠡ︶ ᠪᠥᠬᠦ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠲᠠᠯᠪᠢᠬᠤ᠂ ᠬᠠᠮᠢᠶᠠᠷᠬᠤ ᠪᠠ ᠦᠶᠯᠡᠴᠢᠯᠡᠬᠦ ᠲᠠᠪᠴᠠᠩ ᠢ ᠲᠦᠷᠦᠭᠦᠯᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠠᠷᠠᠯᠵᠢᠶ᠎ᠠ ᠶᠢᠨ ᠮᠡᠳᠡᠭᠡ ᠵᠠᠩᠭᠢ᠂ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠵᠡᠷᠭᠡ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠨ᠂ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ  ᠶᠢᠨ ᠮᠡᠳᠡᠭᠡ ᠵᠠᠩᠭᠢᠴᠢᠯᠠᠯᠠᠳᠠ ᠶᠢ ᠠᠬᠢᠭᠤᠯᠤᠨ᠎ᠠ᠃      ︵ᠲᠠᠪᠤ︶ ᠪᠥᠬᠦ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠲᠦᠷᠦᠭᠦᠯᠡᠨ ᠪᠠᠶᠢᠭᠤᠯᠬᠤ ᠶᠢ ᠬᠠᠷᠢᠭᠤᠴᠠᠨ᠎ᠠ︔ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ᠂ ᠪᠠᠯᠠ ᠣᠷᠣᠭᠤᠯᠤᠭᠴᠢ᠂ ᠳᠠᠭᠠᠭᠠᠴᠢᠯᠠᠯᠲᠠ ᠦᠨᠡᠯᠡᠬᠦ ᠲᠤᠰᠬᠠᠶ ᠮᠡᠷᠭᠡᠵᠢᠯᠲᠡᠨ ᠤ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠂ ᠠᠷᠠᠯᠵᠢᠶᠠᠨ ᠤ ᠭᠤᠤᠯ ᠴᠣᠭᠴᠠ ᠶᠢᠨ ᠢᠲᠡᠭᠡᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠬᠢᠨᠠᠨ ᠰᠢᠯᠭᠠᠵᠤ ᠦᠨᠡᠯᠡᠬᠦ ᠶᠢ ᠥᠷᠨᠢᠭᠦᠯᠦᠨ᠎ᠡ︔ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠤ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢ ᠴᠠᠭ ᠲᠤᠬᠠᠢ ᠳᠤ ᠨᠢ ᠢᠯᠡᠴᠢᠯᠡᠨ ᠨᠡᠶᠢᠲᠡ ᠳᠤ ᠵᠠᠷᠯᠠᠨ᠎ᠠ᠃      ︵ᠵᠢᠷᠭᠤᠭ᠎ᠠ︶ ᠬᠤᠲᠠ ᠶᠢᠨ ᠱᠠᠲᠤᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ  ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠳᠤ ᠪᠣᠯᠪᠠᠰᠤᠷᠠᠭᠤᠯᠤᠯ ᠪᠠ ᠰᠢᠯᠭᠠᠨ ᠲᠣᠭᠲᠠᠭᠠᠯᠲᠠ ᠬᠢᠵᠦ᠂ ᠬᠤᠲᠠ ᠶᠢᠨ ᠱᠠᠲᠤᠨ ᠤ ᠠᠷᠠᠯᠵᠢᠶᠠᠨ ᠤ ᠲᠠᠪᠴᠠᠩ ᠤᠨ ᠲᠤᠲᠤᠭᠠᠳᠤᠬᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠶᠳᠪᠦᠷᠢᠯᠡᠨ᠎ᠡ᠃      ︵ᠳᠣᠯᠤᠭ᠎ᠠ︶ ᠬᠤᠲᠠ ᠶᠢᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠺᠣᠮᠢᠰ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠨᠠᠶᠮᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ  ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ