ᠬᠤᠲᠠ ᠶᠢᠨ ᠨᠢᠭᠡᠳᠦᠯᠲᠡᠢ ᠲᠥᠯᠥᠪᠯᠡᠭᠡ ᠬᠥᠭᠵᠢᠭᠦᠯᠦᠯᠲᠡ ᠶᠢᠨ ᠠᠯᠪᠠᠨ ᠭᠡᠷ
ᠨᠡᠶᠢᠲᠡᠯᠡᠭᠰᠡᠨ ᠴᠠᠭ᠄
2019/3/4
      ︵ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠢᠷᠡᠭᠡᠳᠦᠢ ᠶᠢᠨ ᠬᠤᠲᠠ ᠶᠢᠨ ᠬᠥᠭᠵᠢᠯᠲᠡ ᠳᠠᠬᠢ ᠪᠠᠶᠢᠯᠳᠤᠬᠤ ᠪᠣᠳᠣᠯᠭ᠎ᠠ ᠶᠢᠨ ᠲᠣᠭᠲᠠᠭᠠᠯᠲᠠ᠂ ᠣᠷᠣᠨ ᠵᠠᠢ ᠶᠢᠨ ᠪᠠᠶᠢᠷᠢᠰᠢᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠬᠥᠮᠦᠨ ᠠᠮᠠ ᠶᠢᠨ ᠳᠠᠭᠠᠭᠠᠴᠠ ᠵᠡᠷᠭᠡ ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠦᠰᠢᠭ ᠤᠨ ᠰᠢᠰᠲ᠋ᠧᠮᠵᠢ ᠪᠣᠯᠣᠨ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃       ︵ᠬᠤᠶᠠᠷ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠣᠷᠣᠨ ᠵᠠᠢ ᠶᠢᠨ ᠲᠥᠯᠥᠪᠵᠢᠭᠦᠯᠭᠡ ᠵᠡᠷᠭᠡ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠳᠤ ᠣᠷᠣᠯᠴᠠᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠭᠤᠭᠴᠤᠭ᠎ᠠ᠂ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠬᠤ ᠳᠤ ᠣᠷᠣᠯᠴᠠᠨ᠎ᠠ᠃       ︵ᠭᠤᠷᠪᠠ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠤᠭᠤᠯᠤᠯᠲᠠ ᠶᠢᠨ ᠠᠵᠢᠯ ᠢ ᠠᠬᠢᠭᠤᠯᠬᠤ᠂  ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠪᠠ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠣᠯᠣᠭᠠᠶᠢᠯᠠᠨ ᠬᠢᠵᠦ᠂ ᠴᠢᠬᠤᠯᠠ ᠶᠡᠭᠡ ᠲᠥᠷᠥᠯ ᠵᠦᠢᠯ ᠢ ᠵᠣᠬᠢᠴᠠᠭᠤᠯᠤᠨ ᠬᠠᠮᠢᠶᠠᠷᠬᠤ ᠪᠠ ᠬᠢᠨᠠᠯᠲᠠ ᠲᠠᠯᠪᠢᠨ ᠬᠢᠨᠠᠨ ᠰᠢᠯᠭᠠᠬᠤ ᠶᠢ ᠬᠠᠷᠢᠭᠤᠴᠠᠨ᠎ᠠ᠃       ︵ᠳᠥᠷᠪᠡ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ  ᠪᠠᠶᠢᠷᠢᠰᠢᠭᠤᠯᠤᠯᠲᠠ᠂ ᠬᠥᠭᠵᠢᠯᠲᠡ ᠶᠢᠨ ᠪᠡᠯᠡ ᠮᠥᠩᠭᠦ᠂ ᠬᠡᠷᠡᠭᠯᠡᠬᠦ ᠭᠠᠵᠠᠷ ᠤᠨ ᠪᠠᠲᠤᠯᠠᠭ᠎ᠠ ᠵᠡᠷᠭᠡ ᠴᠢᠬᠤᠯᠠ ᠶᠡᠭᠡ ᠤᠴᠢᠷ ᠶᠠᠪᠤᠳᠠᠯ ᠢ ᠲᠣᠯᠣᠭᠠᠶᠢᠯᠠᠨ ᠵᠣᠬᠢᠴᠠᠭᠤᠯᠤᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠬᠤ ᠠᠵᠢᠯ ᠤᠨ ᠲᠣᠭᠲᠠᠴᠠ ᠶᠢ ᠲᠣᠯᠣᠭᠠᠶᠢᠯᠠᠨ ᠪᠠᠶᠢᠭᠤᠯᠤᠨ ᠪᠦᠷᠢᠨᠰᠢᠭᠦᠯᠵᠦ᠂ ᠠᠵᠤ ᠦᠢᠯᠡᠰ ᠤᠨ ᠴᠢᠳᠠᠮᠵᠢ ᠶᠢᠨ ᠣᠷᠣᠨ ᠤ ᠠᠵᠤ ᠦᠢᠯᠡᠰᠵᠢᠭᠰᠡᠨ ᠲᠥᠷᠥᠯ ᠵᠦᠢᠯ ᠤᠨ ᠪᠡᠯᠡ ᠣᠷᠤᠭᠤᠯᠤᠯᠲᠠ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠠᠵᠤ ᠦᠢᠯᠡᠰᠵᠢᠭᠰᠡᠨ ᠲᠥᠷᠥᠯ ᠵᠦᠢᠯ ᠤᠨ ᠦᠨᠡᠯᠡᠨ ᠵᠢᠱᠢᠬᠦ᠂ ᠣᠷᠣᠬᠤ ᠶᠢ ᠵᠥᠪᠰᠢᠶᠡᠷᠡᠬᠦ᠂ ᠭᠠᠵᠠᠷ ᠰᠣᠩᠭᠤᠬᠤ ᠪᠠ ᠰᠢᠯᠵᠢᠭᠦᠯᠦᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠪᠡᠯᠡᠳᠬᠡᠮᠵᠢ ᠵᠡᠷᠭᠡ ᠡᠬᠢ ᠪᠠᠶᠠᠯᠢᠭ ᠤᠨ ᠵᠦᠷᠢᠶᠡᠳᠦ ᠲᠠᠷᠬᠠᠯᠲᠠ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠣᠯᠣᠭᠠᠶᠢᠯᠠᠨ ᠵᠣᠬᠢᠴᠠᠭᠤᠯᠤᠨ᠎ᠠ᠃       ︵ᠲᠠᠪᠤ︶ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠢ ᠤᠬᠠᠭᠤᠯᠤᠨ ᠲᠠᠨᠢᠯᠴᠠᠭᠤᠯᠬᠤ ᠪᠠ ᠲᠥᠷᠥᠯ ᠲᠡᠮᠳᠡᠭ ᠢ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃       ︵ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ