ᠤᠳᠤᠷᠢᠳᠤᠯᠭ᠎ᠠ ᠶᠢᠨ ᠨᠠᠮᠲᠠᠷ᠄ | ᠬᠠᠨ ᠴᠢᠣᠸᠠᠨ ᠹᠧᠨ᠂ ᠡᠮᠡᠭᠲᠡᠢ᠂ ᠬᠢᠲᠠᠳ ᠦᠨᠳᠦᠰᠦᠲᠡᠨ᠂ 1970 ᠣᠨ ᠤ 1 ᠳ᠋ᠦ᠋ᠭᠡᠷ ᠰᠠᠷ᠎ᠠ ᠳᠤ ᠲᠥᠷᠥᠵᠡᠢ᠂ ᠲᠥᠪ ᠤᠨ ᠨᠠᠮ ᠤᠨ | ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ | ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ | ᠪᠠᠶᠢᠭᠤᠯᠭ᠎ᠠ ᠶᠢᠨ ᠲᠠᠨᠢᠯᠴᠠᠭᠤᠯᠭ᠎ᠠ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ | ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠵᠦ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢ ᠪᠠᠶᠢᠭᠤᠯᠪᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ | ᠵᠥᠪᠯᠡᠯ ᠤᠨ ᠪᠢᠴᠢᠭ ᠮᠠᠲ᠋ᠧᠷᠢᠶᠠᠯ ︽ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ ᠪᠠ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠲᠣᠪᠴᠢᠶ᠎ᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠴᠣᠬᠤᠯᠠᠪᠤᠷᠢ︾ ︵ᠬᠥᠬᠡᠬᠤᠲᠠ ᠣᠷᠣᠨ ᠲᠤᠭ᠎ᠠ ᠲᠠᠷᠬᠠᠭᠠᠭᠰᠠᠨ | ﹇2021﹈ 91 ᠳ᠋ᠦ᠋ᠭᠡᠷ ᠲᠣᠭᠠᠲᠤ︶ ᠶᠢ ᠦᠨᠳᠦᠰᠦᠯᠡᠨ᠂ ᠡᠲᠦᠭᠡ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢᠨ ᠲᠤᠰᠢᠶᠠᠯ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ᠂ ᠠᠵᠢᠯᠲᠠᠨ ᠤ ᠣᠷᠣᠨ ᠲᠤᠭ᠎ᠠ ᠶᠢ ᠳᠣᠣᠷᠠᠬᠢ | ᠮᠡᠲᠦ ᠲᠣᠭᠲᠠᠭᠠᠪᠠ᠃ | ᠨᠢᠭᠡ᠂ ᠭᠤᠣᠯ ᠲᠤᠰᠢᠶᠠᠯ ᠬᠠᠷᠢᠭᠤᠴᠠᠯᠭ᠎ᠠ | ︵ᠨᠢᠭᠡ︶ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ | ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ | ᠵᠢᠯᠣᠭᠤᠳᠴᠤ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠵᠢᠷᠤᠮᠵᠢᠯ ᠪᠠ ᠢᠵᠢ ᠪᠥᠷᠢᠳᠦᠭᠦᠯᠬᠦ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠳᠠᠬᠢᠨ | ᠵᠣᠬᠢᠶᠠᠬᠤ᠂ ᠭᠤᠭᠴᠤᠭ᠎ᠠ ᠶᠢ ᠰᠢᠯᠢᠳᠡᠭᠵᠢᠭᠦᠯᠬᠦ᠂ ᠬᠤᠭᠤᠴᠠᠭ᠎ᠠ ᠶᠢ ᠪᠣᠭᠤᠨᠢᠰᠬᠠᠬᠤ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠪᠠᠶᠢᠳᠠᠯ ᠢ ᠮᠥᠷᠳᠡᠨ | ᠰᠢᠮᠳᠠᠭᠤᠯᠤᠨ ᠭᠦᠢᠴᠡᠳᠬᠡᠨ᠎ᠡ᠃ | ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠪᠠ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ᠪᠥᠬᠦ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠠᠬᠢᠭᠤᠯᠬᠤ ᠠᠵᠢᠯ ᠢ | ᠬᠠᠷᠢᠭᠤᠴᠠᠬᠤ ᠶᠢᠨ ᠬᠠᠮᠲᠤ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠳᠦᠷ | ᠲᠤᠲᠤᠮ ᠤᠨ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ | ᠳᠤᠷᠠᠳᠤᠨ᠎ᠠ᠃ ᠪᠦᠬᠦ ᠬᠤᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠬᠤ᠂ ᠴᠡᠪᠡᠷᠯᠡᠬᠦ ᠪᠠ ᠨᠡᠶᠢᠲᠡᠯᠡᠬᠦ | ᠠᠵᠢᠯ ᠢ ᠡᠭᠦᠷᠭᠡᠯᠡᠨ᠎ᠡ᠃ | ︵ᠲᠦᠷᠪᠡ︶ ᠲᠣᠰ ᠰᠠᠯᠠᠭ᠎ᠠ ᠮᠥᠴᠢᠷ ᠲᠤ ᠲᠥᠪᠯᠡᠷᠡᠭᠦᠯᠦᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠷᠢᠭᠤᠴᠠᠨ ᠭᠦᠢᠴᠡᠳᠬᠡᠵᠦ᠂ | ᠬᠢᠨᠠᠨ ᠵᠥᠪᠰᠢᠶᠡᠷᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠶᠢᠨ ᠬᠠᠮᠲᠤ ᠬᠠᠷᠠᠭᠠᠯᠵᠠᠭᠰᠠᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠬᠢᠨᠠᠨ ᠵᠥᠪᠰᠢᠶᠡᠷᠡᠬᠦ ᠵᠦᠢᠯ ᠳᠤ ᠲᠤᠬᠠᠶ ᠶᠢᠨ ᠭᠠᠵᠠᠷ ᠲᠤᠨᠢ ᠬᠠᠶᠢᠨ ᠰᠢᠯᠭᠠᠯᠲᠠ ᠬᠢᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯ ᠯᠦᠭᠡ ᠬᠤᠯᠪᠣᠭᠳᠠᠬᠤ ᠬᠢᠨᠠᠨ ᠲᠣᠭᠲᠠᠭᠠᠬᠤ᠂ ᠨᠤᠲᠠᠯᠠᠯᠲᠠ ᠬᠢᠬᠦ ᠪᠠ ᠭᠡᠷᠡᠴᠢᠯᠡᠭᠡ ᠰᠣᠨᠣᠰᠬᠤ ᠵᠡᠷᠭᠡ ᠠᠵᠢᠯ ᠢ ᠬᠠᠷᠢᠭᠤᠴᠠᠨ᠎ᠠ᠃ ᠳᠡᠭᠡᠳᠦ | ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ | ︵ᠲᠠᠪᠤ︶ ᠬᠤᠲᠠ ᠶᠢᠨ ᠲᠣᠰ ᠱᠠᠲᠤᠨ ᠤ ᠪᠡᠶᠡᠴᠢ ᠵᠠᠰᠠᠭ ᠤᠨ ᠶᠠᠪᠤᠳᠠᠯ ᠤᠨ ᠶᠡᠭᠡ ᠲᠠᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ | ᠲᠥᠪᠯᠡᠷᠡᠭᠦᠯᠦᠨ ᠭᠦᠢᠴᠡᠳᠬᠡᠬᠦ ᠵᠦᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ | ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ᠃ ᠶᠡᠭᠡ ᠲᠠᠩᠬᠢᠮ ᠳᠤ ᠣᠷᠣᠵᠤ ᠰᠠᠭᠤᠬᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠠᠵᠢᠯ ᠤᠨ ᠵᠢᠷᠤᠮᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠩᠬᠢᠮ ᠳᠤ ᠣᠷᠣᠵᠤ ᠰᠠᠭᠤᠬᠤ ᠠᠵᠢᠯᠲᠠᠨ ᠢ | ᠪᠣᠯᠪᠠᠰᠤᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠶᠢ ᠬᠠᠷᠢᠭᠤᠴᠠᠨ᠎ᠠ᠃ | ︵ᠵᠢᠷᠭᠤᠭ᠎ᠠ︶ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠠᠵᠢᠯ ᠢ ᠬᠠᠷᠢᠭᠤᠴᠠᠵᠤ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ ᠢ ᠬᠠᠷᠢᠭᠤᠴᠠᠨ᠎ᠠ᠃ | ︵ᠳᠤᠯᠤᠭ᠎ᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ | ᠮᠡᠨᠳᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠨᠠᠢᠮᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠶᠢᠰᠦ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠲᠠᠯ᠎ᠠ ᠪᠠᠷ ᠬᠢ ᠲᠤᠰᠢᠶᠠᠯ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠡᠯᠧᠺᠲᠷᠣᠨ ᠵᠠᠰᠠᠭ ᠤᠨ | ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢ ᠬᠠᠷᠢᠭᠤᠴᠠᠵᠤ᠂ ᠪᠥᠬᠦ ᠬᠤᠲᠠ ᠶᠢᠨ ᠵᠠᠰᠠᠭ ᠤᠨ ᠣᠷᠳᠣᠨ ᠤ ᠠᠯᠪᠠᠨ | ᠰᠦᠯᠵᠢᠶ᠎ᠡ ᠶᠢᠨ ᠨᠢᠭᠡᠳᠦᠯᠲᠡᠶ ᠮᠡᠷᠭᠡᠵᠢᠯ ᠤᠨ ᠲᠠᠪᠴᠠᠩ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡᠳᠦᠯᠲᠡᠶ ᠲᠥᠯᠥᠪᠯᠡᠭᠡ | ᠲᠥᠯᠥᠪᠵᠢᠭᠦᠯᠭᠡ᠂ ᠰᠢᠰᠲ᠋ᠧᠮ ᠤᠨ ᠪᠠᠶᠢᠭᠤᠯᠤᠯᠲᠠ᠂ ᠠᠵᠢᠯᠯᠠᠭᠠᠨ ᠤ ᠬᠠᠮᠠᠭᠠᠯᠠᠯᠲᠠ᠂ ᠮᠡᠷᠭᠡᠵᠢᠯ ᠤᠨ ᠳᠡᠮᠵᠢᠯᠭᠡ᠂ ᠠᠮᠤᠷ ᠲᠦᠪᠰᠢᠨ ᠤ ᠪᠠᠲᠤᠯᠠᠭ᠎ᠠ ᠶᠢᠨ | ᠠᠵᠢᠯ ᠢ ᠡᠭᠦᠷᠭᠡᠯᠡᠨ᠎ᠡ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠠᠵᠢᠯᠯᠠᠭᠤᠯᠬᠤ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠲᠣᠭᠲᠠᠭᠠᠬᠤ᠂ ᠠᠵᠢᠯᠯᠠᠭᠠᠨ ᠢ | ᠬᠢᠨᠠᠨ ᠬᠠᠮᠢᠶᠠᠷᠬᠤ᠂ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠡᠭᠦᠷᠭᠡᠯᠡᠵᠦ᠂ ᠲᠠᠪᠴᠠᠩ ᠤᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ | 2. ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠪᠦᠲᠦᠮᠵᠢᠲᠡᠶ ᠰᠠᠯᠭᠠᠬᠤ ᠵᠠᠷᠴᠢᠮ ᠶᠣᠰᠣᠭᠠᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠠᠮᠢᠶ᠎ᠠ ᠪᠦᠬᠦᠢ ᠰᠢᠯᠵᠢᠭᠦᠯᠵᠦ ᠢᠷᠡᠭᠰᠡᠨ ᠵᠦᠢᠯᠡᠰ ᠢ ᠬᠢᠨᠠᠨ ᠵᠥᠪᠰᠢᠶᠡᠷᠡᠬᠦ ᠶᠢ | ᠬᠠᠷᠢᠭᠤᠴᠠᠵᠤ᠂ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ | ᠳᠡᠭᠡᠷᠡᠬᠢ ᠳᠤᠷᠠᠳᠤᠭᠰᠠᠨ ᠲᠤᠰᠢᠶᠠᠯ ᠬᠠᠷᠢᠭᠤᠴᠠᠯᠭ᠎ᠠ ᠶᠣᠰᠣᠭᠠᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠳᠤ 17 ᠳᠣᠲᠣᠭᠠᠳᠤ ᠪᠠᠶᠢᠭᠤᠯᠤᠮᠵᠢ ᠲᠣᠬᠢᠷᠠᠭᠤᠯᠤᠨ᠎ᠠ᠃ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠴᠢᠬᠤᠯᠠ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ ᠴᠢᠨᠠᠷᠲᠠᠶ ᠮᠡᠳᠡᠭᠦᠯᠦᠯᠲᠡ ᠶᠢ | ᠲᠤᠭᠤᠷᠪᠢᠨ ᠪᠢᠴᠢᠬᠦ ᠶᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ | ᠂ ᠠᠮᠤᠷ ᠲᠦᠪᠰᠢᠨ ᠵᠡᠷᠭᠡ ᠠᠵᠢᠯ ᠢ ᠬᠠᠷᠢᠭᠤᠴᠠᠨ᠎ᠠ᠃ ᠳᠣᠲᠣᠭᠠᠳᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢ | ᠬᠠᠷᠢᠭᠤᠴᠠᠨ᠎ᠠ᠃ ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ | ᠳᠤᠷᠠᠳᠤᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠭᠠᠨ ᠢ ᠬᠠᠷᠢᠭᠤᠴᠠᠨ᠎ᠠ᠃ ᠲᠤᠰ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠪᠠᠷᠢᠬᠤ | ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠪᠣᠯᠤᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ᠂ ᠳᠠᠬᠢᠨ ᠵᠥᠪᠯᠡᠬᠦ᠂ ᠵᠠᠭᠠᠯᠳᠤᠬᠤ᠂ ᠳᠥᠯᠥᠬᠦ ᠠᠵᠢᠯ ᠢ ᠬᠠᠷᠢᠭᠤᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ᠂ | ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠠᠵᠢᠯᠲᠠᠨ ᠤ ᠰᠠᠯᠠᠭ᠎ᠠ | ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠣᠨ ᠤ ᠬᠢᠨᠠᠨ ᠰᠢᠯᠭᠠᠯᠲᠠ ᠪᠠ ᠺᠠᠳ᠋ᠷ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃ ᠬᠥᠮᠦᠵᠢᠯ ᠪᠣᠯᠪᠠᠰᠤᠷᠠᠭᠤᠯᠤᠯ᠂ ᠴᠠᠯᠢᠩ ᠬᠠᠷᠠᠭᠠᠯᠵᠠᠯ᠂ ᠭᠠᠳᠠᠭᠠᠳᠤ ︵ᠬᠢᠯᠢ︶ | ᠳᠤ ᠭᠠᠷᠬᠤ ᠬᠥᠮᠦᠰ ᠢ ᠬᠢᠨᠠᠨ ᠬᠠᠷᠭᠤᠭᠤᠯᠵᠤ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠯ᠎ᠠ ᠪᠠᠷ ᠭᠠᠳᠠᠭᠰᠢ ᠰᠣᠯᠢᠯᠴᠠᠭ᠎ᠠ ᠬᠢᠬᠦ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠠᠵᠢᠯᠲᠠᠨ ᠤ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ | ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ | ︵ᠲᠦᠷᠪᠡ︶ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠠᠬᠢᠭᠤᠯᠬᠤ ᠰᠠᠯᠠᠭ᠎ᠠ | ᠪᠦᠬᠦ ᠬᠤᠲᠠ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ ᠢ ᠵᠢᠯᠣᠭᠤᠳᠴᠤ᠂ ᠵᠣᠬᠢᠴᠠᠭᠤᠯᠵᠤ᠂ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ | ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠪᠣᠯᠭᠠᠬᠤ ᠶᠢ ᠠᠬᠢᠭᠤᠯᠤᠨ᠎ᠠ᠃ ᠰᠠᠭᠤᠷᠢ ᠨᠠᠷᠢᠨ ᠬᠠᠭᠤᠳᠠᠰᠤ ᠶᠢ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠵᠤ᠂ ᠪᠥᠬᠦ ᠬᠤᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠶ | ᠲᠣᠬᠢᠷᠠᠭᠤᠯᠤᠯᠲᠠ᠂ ᠴᠡᠪᠡᠷᠯᠡᠬᠦ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ᠃ | ︵ᠲᠠᠪᠤ︶ ᠰᠦᠯᠵᠢᠶᠡᠨ ᠤ ᠪᠦᠲᠦᠭᠡᠨ ᠪᠠᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠠ | ᠠᠵᠢᠯᠯᠠᠭᠠᠨ ᠢ ᠬᠠᠷᠢᠭᠤᠴᠠᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠤᠨ ᠪᠠᠶᠢᠭᠤᠯᠤᠯᠲᠠ | ᠵᠢᠴᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠬᠠᠷᠢᠯᠴᠠᠨ ᠬᠠᠮᠵᠢᠯᠴᠠᠨ ᠬᠡᠷᠡᠭᠯᠡᠬᠦ ᠶᠢ | ᠬᠠᠷᠢᠭᠤᠴᠠᠨ᠎ᠠ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠠᠵᠢᠯ ᠢ ᠬᠠᠷᠢᠭᠤᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠨᠢᠭᠡ ᠴᠤᠭᠴᠠᠵᠢᠭᠤᠯᠬᠤ ᠶᠢ ᠠᠬᠢᠭᠤᠯᠤᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ᠂ | ᠠᠵᠢᠯᠯᠠᠭᠠᠨ᠂ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ | ︵ᠵᠢᠷᠭᠤᠭ᠎ᠠ︶ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠯᠠᠭ᠎ᠠ | ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠲᠤᠬᠠᠶᠢᠯᠠᠭᠰᠠᠨ ᠠᠵᠢᠯ ᠤᠨ | ᠶᠡᠷᠦᠩᠬᠡᠶᠢᠯᠡᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ | ᠠᠵᠢᠯ ᠢ ᠲᠦᠯᠬᠢᠨ ᠠᠬᠢᠭᠤᠯᠬᠤ ᠪᠠ ᠭᠦᠨᠵᠡᠭᠡᠶᠢᠷᠡᠭᠦᠯᠬᠦ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ | ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠢᠯᠣᠭᠤᠳᠬᠤ᠂ ᠵᠣᠬᠢᠴᠠᠭᠤᠯᠬᠤ᠂ ᠪᠣᠯᠪᠠᠰᠤᠷᠠᠭᠤᠯᠬᠤ ᠪᠠ ᠬᠤᠲᠠ ᠶᠢᠨ ᠱᠠᠲᠤᠨ ᠤ ᠶᠡᠭᠡ | ᠲᠠᠩᠬᠢᠮ ᠤᠨ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠵᠦᠢᠯᠡᠰ ᠤᠨ ᠴᠤᠪᠤᠷᠠᠯ ᠢ ᠳᠠᠬᠢᠨ ᠵᠣᠬᠢᠶᠠᠬᠤ᠂ ᠭᠤᠭᠴᠤᠭ᠎ᠠ ᠶᠢ | ᠰᠢᠯᠢᠳᠡᠭᠵᠢᠭᠦᠯᠬᠦ᠂ ᠬᠤᠭᠤᠴᠠᠭ᠎ᠠ ᠶᠢ ᠪᠣᠭᠤᠨᠢᠰᠬᠠᠬᠤ᠂ ᠮᠥᠷᠳᠡᠨ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠵᠦᠢᠯᠡᠰ ᠢ ᠭᠦᠢᠴᠡᠳᠬᠡᠬᠦ ᠳᠤᠮᠳᠠ | ᠣᠷᠣᠰᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ ᠲᠣᠰ ᠲᠣᠪᠴᠢᠶ᠎ᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠲᠤᠰ | ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠵᠢᠴᠢ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ᠃ | ︵ᠳᠤᠯᠤᠭ᠎ᠠ︶ ᠬᠦᠯᠢᠶᠡᠨ ᠠᠪᠬᠤ ᠰᠠᠯᠠᠭ᠎ᠠ | ︽ᠨᠢᠭᠡ ᠴᠣᠩᠬᠤ ᠪᠠᠷ ᠭᠥᠯᠢᠶᠡᠨ ᠠᠪᠬᠤ᠂ ᠦᠢᠯᠡᠴᠢᠯᠡᠭᠡ ᠶᠢ ᠨᠡᠶᠢᠯᠡᠭᠦᠯᠬᠦ︾ ᠥᠭᠡᠷᠡᠴᠢᠯᠡᠯᠲᠡ ᠶᠢ ᠠᠬᠢᠭᠤᠯᠬᠤ ᠶᠢ ᠬᠠᠷᠢᠭᠤᠴᠠᠵᠤ᠂ ︽ᠡᠮᠦᠨ᠎ᠡ | ᠲᠠᠶᠢᠰᠠᠨ ᠳᠤ ᠶᠡᠷᠦᠩᠬᠡᠶᠢᠯᠡᠨ ᠭᠥᠯᠢᠶᠡᠨ ᠠᠪᠴᠤ᠂ ᠠᠷᠤ ᠲᠠᠯ᠎ᠠ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤ ᠪᠠᠷ ᠪᠢᠴᠢᠭ | ᠮᠠᠲ᠋ᠧᠷᠢᠶᠠᠯ ᠭᠠᠷᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠎ᠠ᠃ ᠠᠰᠠᠭᠤᠨ ᠯᠠᠪᠯᠠᠬᠤ᠂ ᠬᠥᠲᠥᠯᠥᠨ ᠵᠢᠯᠣᠭᠤᠳᠬᠤ ᠠᠵᠢᠯ ᠢ | ᠬᠠᠷᠢᠭᠤᠴᠠᠨ᠎ᠠ᠃ ᠳᠠᠷᠤᠢ ᠭᠦᠢᠴᠡᠳᠬᠡᠬᠦ ᠲᠥᠷᠥᠯ ᠤᠨ ᠪᠤᠰᠤ ᠬᠢᠨᠠᠨ ᠵᠥᠪᠰᠢᠶᠡᠷᠡᠬᠦ ᠵᠦᠢᠯᠡᠰ ᠢ ᠨᠢᠭᠡᠳᠦᠯᠲᠡᠶ ᠬᠦᠯᠢᠶᠡᠨ ᠠᠪᠴᠤ᠂ ᠵᠥᠪᠰᠢᠶᠡᠷᠡᠭᠰᠡᠨ | ᠦᠨᠡᠮᠯᠡᠯ ᠢ ᠨᠢᠭᠡ ᠴᠣᠩᠬᠤ ᠪᠠᠷ ᠭᠠᠷᠳᠠᠭᠤᠯᠬᠤ ᠠᠵᠢᠯ ᠢ ᠬᠠᠷᠢᠭᠤᠴᠠᠨ᠎ᠠ᠃ ᠤᠴᠢᠷ ᠭᠦᠢᠴᠡᠳᠬᠡᠬᠦ ᠭᠤᠶᠤᠴᠢᠯᠠᠯ ᠢ ᠬᠦᠯᠢᠶᠡᠨ ᠠᠪᠴᠤ᠂ ᠨᠢᠭᠡ ᠯᠡ | ᠤᠳᠠᠭ᠎ᠠ ᠳᠤ ᠭᠤᠶᠤᠴᠢᠯᠠᠯ ᠤᠨ ᠮᠠᠲ᠋ᠧᠷᠢᠶᠠᠯ ᠢ ᠮᠡᠳᠡᠭᠳᠡᠨ᠎ᠡ᠃ ᠮᠡᠳᠡᠭᠦᠯᠬᠦ ᠮᠠᠲ᠋ᠧᠷᠢᠶᠠᠯ ᠢ ᠬᠢᠨᠠᠨ ᠰᠢᠯᠭᠠᠬᠤ᠂ ᠲᠤᠰᠢᠶᠠᠨ ᠭᠦᠢᠴᠡᠳᠬᠡᠬᠦ᠂ ᠳᠠᠩᠰᠠ ᠡᠪᠬᠡᠮᠡᠯ ᠳᠤ | ᠣᠷᠣᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠡᠶᠢᠯᠡᠭᠦᠯᠵᠦ ᠵᠡᠷᠭᠡᠴᠡᠨ ᠵᠥᠪᠰᠢᠶᠡᠷᠡᠬᠦ ᠴᠢᠨᠠᠷᠲᠠᠶ ᠴᠢᠬᠤᠯᠠ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ | ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵ᠨᠠᠢᠮᠠ︶ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠠᠵᠤ ᠠᠬᠤᠶᠢᠯᠠᠯ ᠤᠨ ᠨᠡᠷ᠎ᠡ ᠶᠢ ᠤᠷᠢᠳᠠᠪᠠᠷ ᠬᠢᠨᠠᠨ | ᠬᠠᠷᠭᠤᠭᠤᠯᠵᠤ ᠳᠠᠩᠰᠠᠯᠠᠬᠤ︔ ᠠᠵᠤ ᠠᠬᠤᠶᠢᠯᠠᠯ ᠢ ᠬᠢᠨᠠᠨ ᠬᠠᠷᠭᠤᠭᠤᠯᠵᠤ ᠳᠠᠩᠰᠠᠯᠠᠬᠤ ︵ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠳᠠᠩᠰᠠᠯᠠᠬᠤ | ᠪᠠᠭᠲᠠᠨ᠎ᠠ︶︔ ᠺᠣᠮᠫᠠᠨᠢ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠳᠠᠩᠰᠠᠯᠠᠬᠤ︔ ᠭᠠᠳᠠᠭᠠᠳᠤ ᠶᠢᠨ ᠠᠷᠠᠯᠵᠢᠶᠠᠴᠢᠨ ᠤ ᠭᠠᠭᠴᠠ ᠲᠠᠯ᠎ᠠ ᠶᠢᠨ | ᠬᠥᠷᠥᠩᠭᠡ᠂ ᠬᠥᠷᠥᠩᠭᠡ ᠨᠡᠶᠢᠯᠡᠭᠦᠯᠦᠭᠰᠡᠨ᠂ ᠬᠠᠮᠲᠤᠷᠠᠭᠰᠠᠨ ᠠᠵᠤ ᠠᠬᠤᠶᠢᠯᠠᠯ ︵ᠬᠤᠪᠢᠶᠠᠷᠢ ᠰᠠᠯᠪᠤᠷᠢ ᠪᠠᠶᠢᠭᠤᠯᠤᠮᠵᠢ ᠪᠠᠭᠲᠠᠨ᠎ᠠ︶ ᠢ ᠪᠠᠶᠢᠭᠤᠯᠬᠤ᠂ | ᠬᠤᠪᠢᠷᠠᠭᠤᠯᠬᠤ᠂ ᠪᠦᠷᠢᠳᠬᠡᠬᠦ᠂ ᠦᠭᠡᠶᠢᠰᠬᠡᠬᠦ ᠶᠢ ᠳᠠᠩᠰᠠᠯᠠᠬᠤ︔ ᠭᠠᠳᠠᠷ ᠤᠯᠤᠰ ︵ᠭᠠᠵᠠᠷ ᠣᠷᠣᠨ︶ ᠤᠨ ᠠᠵᠤ ᠠᠬᠤᠶᠢᠯᠠᠯ ᠤᠨ ᠳᠤᠮᠳᠠᠳᠤ ᠤᠯᠤᠰ ᠤᠨ | ᠬᠢᠯᠢ ᠳᠣᠲᠣᠷ᠎ᠠ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠬᠢᠨᠠᠨ ᠬᠠᠷᠭᠤᠭᠤᠯᠬᠤ︔ ᠬᠤᠪᠢᠴᠠᠭᠠᠨ ᠤ ᠡᠷᠬᠡ ᠪᠠᠨ ᠳᠡᠨᠵᠢᠯᠡᠬᠦ ᠳᠠᠩᠰᠠᠯᠠᠯ︔ ᠳᠡᠭᠡᠳᠦ | ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠢᠨᠠᠨ ᠰᠢᠯᠭᠠᠬᠤ ᠪᠠ ᠮᠡᠳᠡᠭᠦᠯᠬᠦ᠃ | ︵ᠶᠢᠰᠦ︶ ᠨᠡᠶᠢᠭᠡᠮ ᠤᠨ ᠬᠡᠷᠡᠭ ᠡᠷᠬᠢᠯᠡᠬᠦ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠨᠡᠶᠢᠭᠡᠮ ᠤᠨ ᠪᠦᠯᠬᠦᠮ ᠨᠡᠶᠢᠲᠡ ᠶᠢ ᠪᠠᠶᠢᠭᠤᠯᠬᠤ᠂ | ᠰᠣᠯᠢᠵᠤ ᠣᠯᠭᠤᠬᠤ᠂ ᠨᠥᠬᠦᠵᠦ ᠣᠯᠭᠤᠬᠤ᠂ ᠬᠤᠪᠢᠷᠠᠭᠤᠯᠬᠤ᠂ ᠦᠭᠡᠶᠢᠰᠬᠡᠬᠦ ᠶᠢ ᠳᠠᠩᠰᠠᠯᠠᠬᠤ ᠵᠢᠴᠢ ᠳᠦᠷᠢᠮ ᠳᠡᠭᠡᠨ ᠵᠠᠰᠠᠪᠤᠷᠢ ᠣᠷᠣᠭᠤᠯᠬᠤ ᠶᠢ ᠬᠢᠨᠠᠨ | ᠬᠠᠷᠭᠤᠭᠤᠯᠬᠤ︔ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠤᠰᠤ ᠨᠢᠭᠡᠴᠢ ᠶᠢ ᠪᠠᠶᠢᠭᠤᠯᠬᠤ᠂ ᠰᠣᠯᠢᠵᠤ ᠣᠯᠭᠤᠬᠤ᠂ ᠨᠥᠬᠦᠵᠦ ᠣᠯᠭᠤᠬᠤ᠂ | ᠬᠤᠪᠢᠷᠠᠭᠤᠯᠬᠤ᠂ ᠦᠭᠡᠶᠢᠰᠬᠡᠬᠦ ᠶᠢ ᠳᠠᠩᠰᠠᠯᠠᠬᠤ ᠵᠢᠴᠢ ᠳᠦᠷᠢᠮ ᠳᠡᠭᠡᠨ ᠵᠠᠰᠠᠪᠤᠷᠢ ᠣᠷᠣᠭᠤᠯᠬᠤ ᠶᠢ ᠬᠢᠨᠠᠨ ᠬᠠᠷᠭᠤᠭᠤᠯᠬᠤ︔ ᠨᠢᠭᠦᠯᠡᠰᠦᠩᠭᠦᠢ ᠶᠢᠨ ᠵᠣᠬᠢᠶᠠᠨ | ᠪᠠᠶᠢᠭᠤᠯᠤᠯᠲᠠ ᠶᠢᠨ ᠢᠯᠡ ᠪᠠᠷ ᠵᠣᠭᠤᠰ ᠴᠤᠭᠯᠠᠭᠤᠯᠬᠤ ᠬᠢᠷᠢ ᠬᠡᠮ ᠢ ᠬᠢᠨᠠᠨ ᠵᠥᠪᠰᠢᠶᠡᠷᠡᠬᠦ︔ ᠣᠷᠣᠰᠢᠭᠤᠯᠤᠭ᠎ᠠ ᠶᠢᠨ ᠭᠠᠵᠠᠷ᠂ ᠴᠢᠨᠳᠠᠷ ᠬᠠᠶᠢᠯᠠᠭᠤᠯᠬᠤ | ᠭᠠᠵᠠᠷ᠂ ᠣᠷᠣᠰᠢᠭᠤᠯᠤᠭ᠎ᠠ ᠶᠢᠨ ᠦᠢᠯᠡᠴᠢᠯᠡᠭᠡᠨ ᠤ ᠥᠷᠲᠡᠭᠡ᠂ ᠦᠨᠡᠰᠦ ᠲᠠᠯᠪᠢᠬᠤ ᠲᠠᠩᠬᠢᠮ᠂ ᠦᠨᠡᠰᠦ ᠲᠠᠯᠪᠢᠬᠤ ᠬᠡᠷᠡᠮ ᠢ ᠬᠢᠨᠠᠨ ᠵᠥᠪᠰᠢᠶᠡᠷᠡᠬᠦ᠂ | ᠨᠡᠶᠢᠲᠡ ᠶᠢᠨ ᠪᠤᠯᠠᠰᠢ ᠶᠢᠨ ᠭᠠᠵᠠᠷ ᠢ ᠬᠢᠨᠠᠨ ᠬᠠᠷᠭᠤᠭᠤᠯᠬᠤ︔ ᠪᠦᠲᠦᠭᠡᠭᠳᠡᠬᠦ ᠲᠣᠰᠣᠨ ᠤ ᠵᠦᠢᠯ ᠢ ᠵᠢᠵᠢᠭᠯᠡᠨ ᠬᠤᠳᠠᠯᠳᠤᠬᠤ ᠡᠵᠡᠩᠨᠡᠬᠦ ᠬᠢᠷᠢ ᠬᠡᠮ ᠢ ᠬᠢᠨᠠᠨ | ᠵᠥᠪᠰᠢᠶᠡᠷᠡᠬᠦ︔ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠪᠠᠶᠢᠭᠤᠯᠬᠤ᠂ ᠬᠤᠪᠢᠶᠠᠷᠢ ᠰᠤᠷᠭᠠᠭᠤᠯᠢ ᠪᠠᠶᠢᠭᠤᠯᠬᠤ | ᠂ ᠨᠡᠶᠢᠯᠡᠭᠦᠯᠬᠦ᠂ ᠬᠤᠪᠢᠷᠠᠭᠤᠯᠬᠤ ᠵᠢᠴᠢ ᠵᠣᠭᠰᠣᠭᠠᠬᠤ ᠶᠢ ᠬᠢᠨᠠᠨ ᠵᠥᠪᠰᠢᠶᠡᠷᠡᠬᠦ︔ ᠴᠠᠬᠢᠯᠭᠠᠨ ᠬᠦᠴᠦᠨ ᠤ ᠪᠡᠯᠡᠳᠬᠡᠮᠵᠢ ᠶᠢᠨ ᠬᠠᠮᠠᠭᠠᠯᠠᠯᠲᠠ ᠶᠢᠨ ᠣᠷᠣᠨ | ᠳᠣᠲᠣᠷ᠎ᠠ ᠪᠠᠷᠢᠯᠭ᠎ᠠ ᠪᠠᠷᠢᠨ ᠠᠵᠢᠯ ᠬᠢᠬᠦ ᠢ ᠬᠢᠨᠠᠨ ᠵᠥᠪᠰᠢᠶᠡᠷᠡᠬᠦ︔ ᠠᠮᠤ ᠪᠤᠳᠠᠭ᠎ᠠ ᠲᠣᠰᠣ ᠨᠥᠭᠡᠴᠢᠯᠡᠬᠦ ᠨᠢᠭᠡᠴᠢ ᠶᠢᠨ ᠪᠦᠷᠢᠳᠬᠡᠯ︔ ᠭᠠᠳᠠᠭᠰᠢ | ᠬᠠᠨᠳᠤᠭᠤᠯᠤᠭᠰᠠᠨ ᠬᠥᠳᠡᠯᠮᠦᠷᠢ ᠬᠦᠴᠦᠨ ᠤ ᠬᠠᠮᠲᠤᠷᠠᠭᠰᠠᠨ ᠡᠵᠡᠩᠨᠡᠯᠲᠡ ᠶᠢᠨ ᠬᠢᠷᠢ ᠬᠡᠮ ᠢ ᠬᠢᠨᠠᠨ ᠬᠠᠷᠭᠤᠭᠤᠯᠬᠤ︔ ᠴᠢᠯᠦᠭᠡᠲᠡᠢ ᠮᠡᠷᠭᠡᠵᠢᠯ ᠤᠨ | ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠣᠭᠤᠯᠬᠤ ᠭᠡᠷ᠎ᠡ ᠶᠢ ᠳᠠᠩᠰᠠᠯᠠᠬᠤ︔ ᠳᠤᠮᠳᠠᠳᠤ ᠭᠠᠳᠠᠭᠠᠳᠤ ᠶᠢᠨ ᠬᠠᠮᠲᠤᠷᠠᠭᠰᠠᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ᠂ ᠬᠤᠪᠢᠶᠠᠷᠢ ᠪᠠᠶᠢᠭᠤᠯᠤᠮᠵᠢ ᠪᠠᠶᠢᠭᠤᠯᠬᠤ᠂ ᠨᠡᠶᠢᠯᠡᠭᠦᠯᠬᠦ᠂ ᠬᠤᠪᠢᠷᠠᠭᠤᠯᠬᠤ ᠵᠢᠴᠢ | ᠵᠣᠭᠰᠣᠭᠠᠬᠤ ᠶᠢ ᠬᠢᠨᠠᠨ ᠵᠥᠪᠰᠢᠶᠡᠷᠡᠬᠦ︔ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠢᠨᠠᠨ ᠰᠢᠯᠭᠠᠬᠤ ᠪᠠ | ᠮᠡᠳᠡᠭᠦᠯᠬᠦ᠃ | ︵ᠠᠷᠪᠠ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠬᠤᠲᠠ ᠶᠢᠨ ᠰᠢᠲᠠᠮᠠᠬᠠᠢ ᠬᠡᠢ ᠶᠢᠨ ᠡᠵᠡᠩᠨᠡᠯᠲᠡ ᠶᠢᠨ | ᠬᠢᠷᠢ ᠬᠡᠮ ᠢ ᠬᠠᠷᠭᠤᠭᠤᠯᠤᠨ ᠣᠯᠭᠤᠬᠤ︔ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ︵ᠤᠷᠲᠤᠳᠬᠠᠬᠤ︶ ᠢ ᠬᠠᠷᠭᠤᠭᠤᠯᠤᠨ ᠣᠯᠭᠤᠬᠤ︔ | ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ︵ᠠᠩᠬ᠎ᠠ ᠤᠳᠠᠭ᠎ᠠ ᠭᠤᠶᠤᠴᠢᠯᠠᠬᠤ᠂ ᠬᠢᠷᠢ ᠬᠡᠮ ᠢ ᠤᠷᠲᠤᠳᠬᠠᠬᠤ᠂ ᠲᠡᠰ ᠳᠡᠪᠰᠢᠭᠦᠯᠬᠦ᠂ ᠬᠤᠪᠢᠷᠠᠭᠤᠯᠬᠤ︶ | ᠢ ᠬᠢᠨᠠᠨ ᠬᠠᠷᠭᠤᠭᠤᠯᠬᠤ︔ ᠢᠯᠴᠢ ᠬᠠᠩᠭᠠᠬᠤ ᠡᠵᠡᠩᠨᠡᠯᠲᠡ ᠶᠢᠨ ᠵᠥᠪᠰᠢᠶᠡᠷᠡᠯ︔ ᠭᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠤᠨ ᠬᠢᠷᠢ ᠬᠡᠮ ᠤᠨ ᠲᠡᠰ ᠢ ᠬᠢᠨᠠᠨ ᠲᠣᠭᠲᠠᠭᠠᠬᠤ︔ ᠭᠠᠵᠠᠷ ᠬᠥᠳᠡᠯᠬᠦ ᠶᠢ ᠲᠡᠰᠪᠦᠷᠢᠯᠡᠬᠦ ᠰᠡᠷᠭᠡᠶᠢᠯᠡᠬᠦ ᠱᠠᠭᠠᠷᠳᠠᠯᠭ᠎ᠠ ᠶᠢ ᠬᠢᠨᠠᠨ ᠬᠠᠷᠭᠤᠭᠤᠯᠬᠤ︔ | ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠢᠨᠠᠨ ᠰᠢᠯᠭᠠᠬᠤ ᠪᠠ ᠮᠡᠳᠡᠭᠦᠯᠬᠦ᠃ | ︵ᠠᠷᠪᠠᠨ ᠨᠢᠭᠡ︶ ᠵᠠᠮ ᠬᠠᠷᠢᠯᠴᠠᠭ᠎ᠠ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ | ᠡᠵᠡᠩᠨᠡᠯᠲᠡ ᠶᠢᠨ ᠵᠥᠪᠰᠢᠶᠡᠷᠡᠯ ︵ᠵᠥᠪᠰᠢᠶᠡᠷᠡᠬᠦ᠂ ᠬᠤᠪᠢᠷᠠᠭᠤᠯᠬᠤ᠂ ᠰᠣᠯᠢᠵᠤ ᠣᠯᠭᠤᠬᠤ᠂ ᠨᠥᠬᠦᠵᠦ ᠣᠯᠭᠤᠬᠤ᠂ ᠬᠦᠴᠦᠨ ᠦᠭᠡᠢ ᠪᠣᠯᠭᠠᠬᠤ ᠶᠢ | ᠪᠠᠭᠲᠠᠭᠠᠨ᠎ᠠ︶︔ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ︔ ᠣᠩᠭᠤᠴᠠ ᠰᠠᠯ ᠤᠨ | ᠲᠣᠰᠣᠨ ᠤ ᠪᠣᠬᠢᠷᠲᠤᠯ ᠤᠨ ᠬᠤᠬᠢᠷᠠᠯ ᠳᠤ ᠤᠴᠠᠷᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠪᠢᠴᠢᠭ ᠪᠤᠶᠤ ᠡᠳ᠋ ᠤᠨ ᠶᠠᠪᠤᠳᠠᠯ ᠤᠨ | ᠪᠠᠲᠤᠯᠠᠭ᠎ᠠ ᠶᠢᠨ ᠪᠢᠴᠢᠭ ᠢ ᠬᠢᠨᠠᠨ ᠣᠯᠭᠤᠬᠤ︔ ᠤᠰᠤᠨ ᠵᠠᠮ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ︵ᠵᠥᠪᠰᠢᠶᠡᠷᠡᠬᠦ᠂ ᠰᠣᠯᠢᠵᠤ ᠣᠯᠭᠤᠬᠤ᠂ | ᠬᠦᠴᠦᠨ ᠦᠭᠡᠶ ᠪᠣᠯᠭᠠᠬᠤ ᠶᠢ ᠪᠠᠭᠲᠠᠭᠠᠨ᠎ᠠ︶︔ ᠤᠰᠤᠨ ᠣᠷᠣᠨ ᠤ ᠡᠷᠭᠢ ᠶᠢᠨ ᠱᠤᠭᠤᠮ ᠢ ᠠᠮᠤᠷ ᠲᠦᠪᠰᠢᠨ ᠢᠶᠠᠷ ᠬᠡᠷᠡᠭᠯᠡᠬᠦ ᠪᠠ ᠲᠡᠭᠡᠭᠡᠪᠦᠷᠢ ᠶᠢᠨ | ᠵᠠᠮ ᠤᠨ ᠤᠰᠤᠨ ᠳᠡᠭᠡᠷᠡᠬᠢ ᠤᠰᠤᠨ ᠳᠣᠤᠷ᠎ᠠ ᠪᠠᠷᠢᠯᠭ᠎ᠠ ᠶᠢᠨ ᠠᠵᠢᠯ ᠬᠢᠬᠦ ᠪᠤᠶᠤ ᠠᠵᠢᠯᠯᠠᠭ᠎ᠠ ᠬᠢᠬᠦ ᠶᠢ ᠵᠥᠪᠰᠢᠶᠡᠷᠡᠬᠦ︔ ᠭᠡᠷ ᠤᠨ ᠭᠠᠳᠠᠨᠠᠬᠢ ᠵᠠᠷ ᠮᠡᠳᠡᠭᠡ | ᠪᠠᠶᠢᠷᠢᠯᠠᠭᠤᠯᠬᠤ ᠵᠥᠪᠰᠢᠶᠡᠷᠡᠯ᠂ ᠨᠡᠶᠢᠲᠡᠯᠡᠬᠦ᠂ ᠡᠯᠭᠦᠬᠦ᠂ ᠨᠠᠭᠠᠬᠤ ᠶᠢ ᠬᠢᠨᠠᠨ ᠵᠥᠪᠰᠢᠶᠡᠷᠡᠬᠦ︔ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠵᠤ ᠴᠢᠮᠡᠬᠦ ᠶᠢ ᠬᠢᠨᠠᠨ | ᠬᠠᠷᠭᠤᠭᠤᠯᠬᠤ︔ ᠲᠡᠷᠭᠡᠨ ᠵᠣᠭᠰᠣᠭᠠᠯ ᠭᠠᠷᠭᠠᠵᠤ ᠡᠵᠡᠩᠨᠡᠬᠦ ᠶᠢ ᠬᠢᠨᠠᠨ ᠵᠥᠪᠰᠢᠶᠡᠷᠡᠬᠦ︔ ᠮᠣᠳᠣ ᠶᠢ ᠣᠭᠲᠣᠯᠬᠤ᠂ ᠨᠡᠭᠦᠯᠭᠡᠬᠦ ᠪᠠ ᠨᠣᠭᠤᠭᠠᠨ ᠭᠠᠵᠠᠷ ᠢ | ᠡᠵᠡᠯᠡᠵᠦ ᠬᠡᠷᠡᠭᠯᠡᠬᠦ ᠶᠢ ᠬᠢᠨᠠᠨ ᠵᠥᠪᠰᠢᠶᠡᠷᠡᠬᠦ︔ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠬᠠᠷᠭᠤᠭᠤᠯᠬᠤ︔ ᠣᠯᠠᠨ ᠨᠡᠶᠢᠲᠡ ᠶᠢᠨ ᠲᠡᠷᠭᠡᠨ | ᠵᠣᠭᠰᠣᠭᠠᠯ ᠶᠢᠨ ᠡᠵᠡᠩᠨᠡᠭᠴᠢ ᠶᠢ ᠪᠦᠷᠢᠳᠬᠡᠬᠦ︔ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠢᠨᠠᠨ ᠰᠢᠯᠭᠠᠬᠤ | ᠪᠠ ᠮᠡᠳᠡᠭᠦᠯᠬᠦ᠃ | ︵ᠠᠷᠪᠠᠨ ᠬᠤᠶᠠᠷ︶ ᠰᠣᠶᠣᠯ ᠰᠤᠷᠭᠠᠨ ᠬᠥᠮᠥᠵᠢᠯ ᠡᠷᠡᠭᠦᠯ ᠮᠡᠨᠳᠦ ᠪᠡᠶ᠎ᠡ ᠶᠢᠨ ᠲᠠᠮᠢᠷ ᠤᠨ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠤᠯᠤᠰ ᠤᠨ ᠥᠮᠴᠢᠯᠡᠯ ᠤᠨ ᠪᠤᠰᠤ ᠲᠡᠤᠬᠡ ᠶᠢᠨ | ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠬᠤ ᠨᠢᠭᠡᠴᠢ ᠪᠠ ᠪᠤᠰᠤᠳ ᠨᠢᠭᠡᠴᠢ ᠨᠦᠭᠦᠳ ᠤᠯᠤᠰ ᠤᠨ ᠥᠮᠴᠢᠯᠡᠯᠲᠥ ᠮᠦᠽᠧᠢ ᠳᠤ ᠬᠠᠳᠠᠭᠠᠯᠠᠵᠤ ᠪᠠᠶᠢᠭ᠎ᠠ | ᠲᠡᠤᠬᠡ ᠶᠢᠨ ᠳᠤᠷᠠᠰᠬᠠᠯᠲᠤ ᠵᠦᠢᠯ ᠢ ᠵᠢᠭᠡᠯᠡᠬᠦ ᠵᠥᠪᠰᠢᠶᠡᠷᠡᠯ︔ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠬᠠᠮᠠᠭᠠᠯᠠᠬᠤ ᠨᠢᠭᠡᠴᠢ ᠶᠢᠨ ᠰᠡᠯᠪᠢᠨ | ᠵᠠᠰᠠᠬᠤ ᠵᠥᠪᠰᠢᠶᠡᠷᠡᠯ ︵ᠠᠶᠢᠮᠠᠭ ᠬᠤᠲᠠ ᠶᠢᠨ ᠱᠠᠲᠤᠨ ᠤ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ︶︔ ᠲᠡᠤᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠤᠰᠤᠳ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠪᠤᠶᠤ | ᠳᠡᠯᠪᠡᠴᠢᠬᠦ᠂ ᠥᠷᠥᠮᠳᠡᠨ ᠬᠠᠶᠢᠬᠤ᠂ ᠠᠭᠤᠳᠠᠯᠬᠤ ᠵᠡᠷᠭᠡ ᠠᠵᠢᠯ ᠬᠢᠬᠦ ᠵᠥᠪᠰᠢᠶᠡᠷᠡᠯ ︔ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ | ᠨᠢᠭᠡᠴᠢ ᠶᠢᠨ ᠪᠦᠲᠦᠭᠡᠨ ᠪᠠᠢᠭᠤᠯᠤᠯᠲᠠ ᠶᠢᠨ ᠡᠵᠡᠮᠳᠡᠯ ᠣᠷᠣᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ | ᠲᠥᠰᠦᠯ ᠢ ᠬᠢᠨᠠᠨ ᠬᠠᠷᠭᠤᠭᠤᠯᠬᠤ︔ ᠷᠠᠳᠢᠣ᠋ ᠲᠧᠯᠸᠢᠰ ᠤᠨ ᠥᠷᠲᠡᠭᠡ ᠶᠢ ᠬᠢᠨᠠᠨ ᠵᠥᠪᠰᠢᠶᠡᠷᠡᠬᠦ︔ ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ | ᠠᠪᠬᠤ ᠪᠡᠯᠡᠳᠬᠡᠮᠵᠢ ᠶᠢ ᠲᠣᠬᠢᠷᠠᠭᠤᠯᠵᠤ ᠬᠢᠯᠢ ᠶᠢᠨ ᠳᠣᠲᠣᠷᠠᠬᠢ ᠣᠳᠣᠨ ᠲᠧᠯᠸᠢᠰ ᠤᠨ ᠳᠣᠬᠢᠶ᠎ᠠ ᠶᠢ ᠬᠦᠯᠢᠶᠡᠨ ᠠᠪᠬᠤ ᠶᠢ ᠬᠢᠨᠠᠨ ᠵᠥᠪᠰᠢᠶᠡᠷᠡᠬᠦ︔ | ᠳᠠᠭᠠᠭᠤᠯᠢ ᠣᠳᠣᠨ ᠢᠶᠠᠷ ᠳᠠᠮᠵᠢᠭᠤᠯᠤᠭᠰᠠᠨ ᠬᠢᠯᠢ ᠶᠢᠨ ᠭᠠᠳᠠᠨᠠᠬᠢ ᠲᠧᠯᠸᠢᠰ ᠤᠨ ᠳᠣᠬᠢᠶ᠎ᠠ ᠶᠢ ᠬᠦᠯᠢᠶᠡᠨ ᠠᠪᠬᠤ ᠶᠢ ᠬᠢᠨᠠᠨ ᠵᠥᠪᠰᠢᠶᠡᠷᠡᠬᠦ︔ ᠬᠡᠪᠯᠡᠯ ᠤᠨ | ᠵᠦᠢᠯ ᠢ ᠪᠣᠭᠤᠳᠠᠯᠯᠠᠬᠤ ᠴᠢᠮᠡᠭᠯᠡᠬᠦ ᠪᠠ ᠪᠤᠰᠤᠳ ᠬᠡᠪᠯᠡᠯ ᠤᠨ ᠵᠦᠢᠯ ᠢ ᠬᠡᠪᠯᠡᠬᠦ ᠠᠵᠢᠯᠯᠠᠭ᠎ᠠ ᠡᠷᠬᠢᠯᠡᠬᠦ ᠠᠵᠤ ᠠᠬᠤᠶᠢᠯᠠᠯ ᠢ ᠬᠢᠨᠠᠨ ᠵᠥᠪᠰᠢᠶᠡᠷᠡᠬᠦ︔ | ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠪᠠᠶᠢᠭᠤᠯᠬᠤ ᠶᠢ ᠬᠢᠨᠠᠨ | ᠵᠥᠪᠰᠢᠶᠡᠷᠡᠬᠦ︔ ᠢᠳᠡᠬᠦ ᠤᠰᠤ ᠬᠠᠩᠭᠠᠬᠤ ᠨᠢᠭᠡᠴᠢ ᠶᠢᠨ ᠡᠷᠡᠭᠦᠯ ᠬᠠᠮᠠᠭᠠᠯᠠᠯ ᠤᠨ ᠵᠥᠪᠰᠢᠶᠡᠷᠡᠯ︔ ᠣᠯᠠᠨ ᠨᠡᠶᠢᠲᠡ ᠶᠢᠨ ᠭᠠᠵᠠᠷ ︵ᠴᠡᠴᠡᠷᠯᠢᠭ᠂ ᠪᠡᠶ᠎ᠡ ᠶᠢᠨ | ᠲᠠᠮᠢᠷ ᠤᠨ ᠣᠷᠳᠣᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠠᠴᠠ ᠪᠤᠰᠤᠳ︶ ᠤᠨ ᠡᠷᠡᠭᠦᠯ ᠬᠠᠮᠠᠭᠠᠯᠠᠯ ᠤᠨ ᠵᠥᠪᠰᠢᠶᠡᠷᠡᠯ᠃ ᠡᠮᠴᠢᠯᠡᠭᠡᠨ ᠤ | ᠪᠠᠶᠢᠭᠤᠯᠤᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠳᠠᠩᠰᠠᠯᠠᠯ︔ ᠠᠷᠢᠭᠤᠳᠬᠠᠬᠤ ᠪᠦᠲᠦᠭᠡᠭᠳᠡᠬᠦᠨ | ᠦᠢᠯᠡᠳᠪᠦᠷᠢᠯᠡᠬᠦ ᠠᠵᠤ ᠠᠬᠤᠶᠢᠯᠠᠯ ᠤᠨ ᠡᠷᠡᠭᠦᠯ ᠬᠠᠮᠠᠭᠠᠯᠠᠯ ᠤᠨ ᠵᠥᠪᠰᠢᠶᠡᠷᠡᠯ︔ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠢᠨ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠳᠠᠩᠰᠠᠯᠠᠯ︔ ᠭᠠᠳᠠᠭᠠᠳᠤ ᠶᠢᠨ ᠡᠮᠴᠢ ᠳᠤᠮᠳᠠᠳᠤ ᠤᠯᠤᠰ ᠲᠤ ᠢᠷᠡᠵᠦ | ᠣᠬᠤᠷ ᠬᠤᠭᠤᠴᠠᠭᠠᠨ ᠤ ᠠᠵᠢᠯ ᠡᠷᠬᠢᠯᠡᠬᠦ ᠵᠥᠪᠰᠢᠶᠡᠷᠡᠯ︔ ᠡᠮᠴᠢ ᠶᠢᠨ ᠠᠵᠢᠯ ᠡᠷᠬᠢᠯᠡᠬᠦ ᠦᠨᠡᠮᠯᠡᠯ ᠢ ᠬᠢᠨᠠᠨ ᠣᠯᠭᠤᠬᠤ︔ ᠰᠤᠪᠢᠯᠠᠭᠴᠢ ᠶᠢᠨ ᠠᠵᠢᠯ | ᠡᠷᠬᠢᠯᠡᠬᠦ ᠦᠨᠡᠮᠯᠡᠯ ᠢ ᠬᠢᠨᠠᠨ ᠣᠯᠭᠤᠬᠤ︔ ᠤᠷᠤᠭ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠠᠵᠢᠯ | ᠡᠷᠬᠢᠯᠡᠬᠦ ᠵᠥᠪᠰᠢᠶᠡᠷᠡᠯ ᠤᠨ ᠦᠨᠡᠮᠯᠡᠯ︔ ᠤᠷᠤᠭ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠮᠡᠷᠭᠡᠵᠢᠯ ᠤᠨ ᠬᠢᠨᠠᠨ ᠰᠢᠯᠭᠠᠯᠲᠠ ᠳᠤ ᠬᠢᠷᠢ | ᠲᠡᠩᠴᠡᠭᠰᠡᠨ ᠦᠨᠡᠮᠯᠡᠯ ᠢ ᠬᠢᠨᠠᠨ ᠣᠯᠭᠤᠬᠤ︔ ᠡᠮᠴᠢᠯᠡᠭᠡᠨ ᠤ ᠵᠠᠷ ᠮᠡᠳᠡᠭᠡ ᠶᠢ ᠬᠢᠨᠠᠨ ᠵᠥᠪᠰᠢᠶᠡᠷᠡᠬᠦ︔ ᠮᠢᠨᠴᠦᠭᠦᠷᠡᠭᠦᠯᠬᠦ ᠡᠮ ᠤᠨ ᠵᠦᠢᠯ᠂ ᠨᠢᠭᠡᠳᠦᠭᠡᠷ | ᠲᠥᠷᠥᠯ ᠤᠨ ᠣᠶᠤᠨ ᠮᠡᠳᠡᠷᠡᠯ ᠤᠨ ᠡᠮ ᠤᠨ ᠵᠦᠢᠯ ᠬᠤᠳᠠᠯᠳᠤᠨ ᠠᠪᠴᠤ ᠬᠡᠷᠡᠭᠯᠡᠬᠦ ᠲᠠᠮᠠᠭ᠎ᠠ ᠬᠢᠨᠠᠬᠤ ᠺᠠᠷᠲ ᠢ ᠬᠢᠨᠠᠨ ᠵᠥᠪᠰᠢᠶᠡᠷᠡᠬᠦ︔ ᠲᠥᠯᠥᠪᠯᠡᠭᠡᠲᠦ | ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠡᠷᠬᠢᠯᠡᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠢ ᠬᠢᠨᠠᠨ ᠵᠥᠪᠰᠢᠶᠡᠷᠡᠬᠦ︔ | ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠬᠢᠨᠠᠨ ᠰᠢᠯᠭᠠᠯᠲᠠ︔ ᠲᠥᠯᠥᠪᠯᠡᠭᠡᠲᠦ | ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠤ ᠬᠢᠷᠢ ᠲᠡᠩᠴᠡᠭᠰᠡᠨ ᠦᠨᠡᠮᠯᠡᠯ ᠢ ᠬᠢᠨᠠᠨ ᠣᠯᠭᠤᠬᠤ︔ ᠰᠠᠴᠤᠷᠠᠭ ᠢᠶᠠᠷ ᠣᠨᠣᠰᠢᠯᠠᠨ ᠡᠮᠨᠡᠬᠦ | ᠵᠥᠪᠰᠢᠶᠡᠷᠡᠯ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠲᠦᠷ ᠴᠠᠭ ᠡᠵᠡᠯᠡᠨ ᠬᠡᠷᠡᠭᠯᠡᠬᠦ᠂ ᠨᠤᠷᠠᠭᠠᠬᠤ᠂ ᠨᠤᠷᠠᠭᠠᠵᠤ ᠨᠡᠭᠦᠯᠭᠡᠬᠦ᠂ | ᠥᠭᠡᠷᠡᠴᠢᠯᠡᠨ ᠪᠠᠶᠢᠭᠤᠯᠬᠤ ᠪᠤᠶᠤ ᠲᠡᠭᠦᠨ ᠤ ᠴᠢᠳᠠᠮᠵᠢ᠂ ᠬᠡᠷᠡᠭᠴᠡᠭᠡ ᠶᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠵᠥᠪᠰᠢᠶᠡᠷᠡᠯ︔ ᠪᠡᠶ᠎ᠡ ᠶᠢᠨ ᠲᠠᠮᠢᠷ ᠤᠨ | ᠤᠷᠤᠯᠳᠤᠭᠠᠨ ᠢ ᠡᠷᠬᠢᠯᠡᠬᠦ ᠵᠥᠪᠰᠢᠶᠡᠷᠡᠯ ︵ᠪᠦᠬᠦ ᠬᠤᠲᠠ ᠶᠢᠨ ᠴᠢᠨᠠᠷᠲᠠᠢ︶︔ ᠲᠠᠮᠢᠷᠴᠢᠨ ᠤ ᠵᠡᠷᠭᠡ ᠳᠡᠰ ᠤᠨ ᠴᠣᠯᠠ ᠣᠯᠭᠤᠬᠤ ︵ᠬᠤᠶᠠᠳᠤᠭᠠᠷ ᠳᠡᠰ︶︔ | ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠭᠴᠢ ᠶᠢᠨ ᠬᠢᠷᠢ ᠭᠡᠮ ᠤᠨ ᠭᠡᠷᠡᠴᠢᠯᠡᠯ ︵ᠬᠤᠶᠠᠳᠤᠭᠠᠷ ᠳᠡᠰ︶︔ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠮᠡᠷᠭᠡᠵᠢᠯ ᠤᠨ ᠵᠡᠷᠭᠡ ᠳᠡᠰ ᠤᠨ ᠴᠣᠯᠠ ᠣᠯᠭᠤᠬᠤ ︵ᠬᠤᠶᠠᠳᠤᠭᠠᠷ ᠳᠡᠰ︶︔ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠢ | ᠪᠠᠶᠢᠭᠤᠯᠬᠤ ᠪᠠ ᠬᠤᠪᠢᠷᠠᠭᠤᠯᠬᠤ ᠬᠢᠨᠠᠨ ᠪᠠᠶᠢᠴᠠᠭᠠᠯᠲᠠ︔ ᠪᠡᠶ᠎ᠡ ᠶᠢᠨ ᠲᠠᠮᠢᠷ ᠤᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠤᠰᠤ ᠨᠢᠭᠡᠴᠢ ᠶᠢ | ᠭᠤᠶᠤᠴᠢᠯᠠᠵᠤ ᠪᠠᠶᠢᠭᠤᠯᠬᠤ ᠪᠠ ᠬᠤᠪᠢᠷᠠᠭᠤᠯᠬᠤ ᠶᠢ ᠬᠢᠨᠠᠨ ᠪᠠᠶᠢᠴᠠᠭᠠᠬᠤ︔ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ | ᠵᠦᠢᠯ ᠢ ᠬᠢᠨᠠᠨ ᠰᠢᠯᠭᠠᠬᠤ ᠪᠠ ᠮᠡᠳᠡᠭᠦᠯᠬᠦ᠃ | ︵ᠠᠷᠪᠠᠨ ᠭᠤᠷᠪᠠ︶ ᠣᠯᠠᠨᠨᠡᠶᠢᠲᠡ ᠶᠢᠨ ᠬᠡᠷᠡᠭ ᠡᠷᠬᠢᠯᠡᠬᠦ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠵᠥᠪᠰᠢᠶᠡᠷᠡᠯ ᠢ ᠬᠢᠨᠠᠨ ᠵᠥᠪᠰᠢᠶᠡᠷᠡᠬᠦ︔ ᠠᠵᠤ ᠠᠬᠤᠶᠢᠯᠠᠯ ᠤᠨ ᠲᠣᠭᠲᠠᠭᠰᠠᠨ ᠴᠠᠭ ᠦᠭᠡᠢ ᠠᠵᠢᠯᠯᠠᠬᠤ ᠳᠦᠷᠢᠮ ᠪᠠ ᠠᠵᠢᠯ ᠤᠨ ᠴᠠᠭ ᠢ | ᠶᠡᠷᠦᠩᠬᠡᠶᠢᠯᠡᠨ ᠪᠣᠳᠣᠬᠤ ᠳᠦᠷᠢᠮ ᠢ ᠬᠢᠨᠠᠨ ᠵᠥᠪᠰᠢᠶᠡᠷᠡᠬᠦ︔ ᠬᠥᠳᠡᠯᠮᠦᠷᠢ ᠬᠦᠴᠦ ᠲᠣᠮᠢᠯᠠᠬᠤ ᠶᠢ ᠡᠵᠡᠩᠨᠡᠬᠦ᠂ ᠬᠤᠪᠢᠷᠠᠭᠤᠯᠬᠤ᠂ ᠦᠷᠭᠦᠯᠵᠢᠯᠡᠭᠦᠯᠬᠦ᠂ | ᠬᠦᠴᠦᠨ ᠦᠭᠡᠢ ᠪᠣᠯᠭᠠᠬᠤ ᠵᠥᠪᠰᠢᠶᠡᠷᠡᠯ︔ ᠭᠠᠳᠠᠭᠠᠳᠤ ᠶᠢᠨ ᠬᠥᠮᠥᠨ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ︔ ᠢᠳᠡᠭᠡᠨ ︵ | ᠡᠷᠡᠭᠦᠯᠵᠢᠯ ᠤᠨ ᠢᠳᠡᠭᠡ ᠪᠠᠭᠲᠠᠨ᠎ᠠ︶ ᠦᠢᠯᠡᠳᠪᠦᠷᠢᠯᠡᠬᠦ ᠵᠥᠪᠰᠢᠶᠡᠷᠡᠯ︔ ᠭᠤᠷᠪᠠᠳᠤᠭᠠᠷ ᠲᠥᠷᠥᠯ ᠤᠨ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠵᠥᠪᠰᠢᠶᠡᠷᠡᠯ | ︔ ᠬᠤᠶᠠᠳᠤᠭᠠᠷ ᠲᠥᠷᠥᠯ ᠤᠨ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠳᠠᠩᠰᠠᠯᠠᠯ︔ ᠨᠢᠭᠡᠳᠦᠭᠡᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ | ᠦᠢᠯᠡᠳᠬᠦᠨ ᠤ ᠳᠠᠩᠰᠠᠯᠠᠯ︔ ᠨᠢᠭᠡᠳᠦᠭᠡᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳ᠋ᠪᠦᠷᠢᠯᠡᠯ ᠢ ᠳᠠᠩᠰᠠᠯᠠᠬᠤ︔ ᠨᠢᠭᠡᠳᠦᠭᠡᠷ ᠲᠥᠷᠥᠯ ᠤᠨ | ᠡᠮᠴᠢᠯᠡᠭᠡᠨ ᠤ ᠪᠠᠭᠠᠵᠢ ᠬᠡᠷᠡᠭᠰᠡᠯ ᠢ ᠨᠠᠶᠢᠳᠠᠨ ᠦᠢᠯᠡᠳᠪᠦᠷᠢᠯᠡᠬᠦ ᠶᠢ ᠳᠠᠩᠰᠠᠯᠠᠬᠤ︔ ᠡᠮ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠥᠪᠰᠢᠶᠡᠷᠡᠯ︔ | ᠬᠤᠶᠠᠳᠤᠭᠠᠷ ᠲᠥᠷᠥᠯ ᠤᠨ ᠮᠡᠳᠡᠷᠡᠯ ᠤᠨ ᠡᠮ ᠤᠨ ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠬᠦ︔ ᠡᠮ ᠤᠨ ᠵᠦᠢᠯ ᠢ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠡᠮ ᠡᠮᠨᠡᠯᠭᠡ ᠳᠤ ᠬᠡᠷᠡᠭᠯᠡᠬᠦ ᠬᠤᠤᠷᠠᠲᠤ ᠴᠢᠨᠠᠷᠲᠠᠶ ᠡᠮ ᠤᠨ ᠵᠦᠢᠯ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠬᠢᠨᠠᠨ | ᠵᠥᠪᠰᠢᠶᠡᠷᠡᠬᠦ︔ ᠨᠢᠭᠡ ᠤᠳᠠᠭ᠎ᠠ ᠬᠡᠷᠡᠭᠯᠡᠬᠦ ᠡᠮᠴᠢᠯᠡᠭᠡᠨ ᠤ ᠪᠠᠺᠲ᠋ᠧᠷᠢ ᠥᠬᠡᠢ ᠪᠠᠭᠠᠵᠢ ᠬᠡᠷᠡᠭᠰᠡᠯ ᠢ ᠦᠢᠯᠡᠳᠪᠦᠷᠢᠯᠡᠬᠦ ᠠᠵᠤ ᠠᠬᠤᠢᠯᠠᠯ ᠤᠨ | ᠪᠣᠷᠣᠯᠠᠭᠤᠯᠤᠭᠴᠢ ᠶᠢᠨ ᠳᠠᠩᠰᠠᠯᠠᠯ︔ ᠮᠢᠨᠴᠦᠭᠦᠷᠡᠭᠦᠯᠬᠦ ᠡᠮ ᠪᠠ ᠮᠡᠳᠡᠷᠡᠯ ᠤᠨ ᠡᠮ ᠤᠨ ᠵᠦᠢᠯ ᠢ ᠰᠢᠤᠳᠠᠨ ᠢᠶᠠᠷ ᠶᠠᠪᠤᠭᠤᠯᠬᠤ ᠭᠡᠷᠡᠴᠢ ᠶᠢ ᠬᠠᠷᠭᠤᠭᠤᠯᠤᠨ | ᠣᠯᠭᠤᠬᠤ︔ ᠮᠢᠨᠴᠦᠭᠦᠷᠡᠭᠦᠯᠬᠦ ᠡᠮ ᠪᠠ ᠨᠢᠭᠡᠳᠦᠭᠡᠷ ᠲᠥᠷᠥᠯ ᠤᠨ ᠮᠡᠳᠡᠷᠡᠯ ᠤᠨ ᠡᠮ ᠤᠨ ᠲᠡᠭᠡᠭᠡᠪᠦᠷᠢ ᠶᠢᠨ ᠭᠡᠷᠡᠴᠢ ᠶᠢ ᠬᠠᠷᠭᠤᠭᠤᠯᠤᠨ ᠣᠯᠭᠤᠬᠤ︔ | ᠰᠢᠨᠵᠢᠯᠡᠬᠦ ᠤᠬᠠᠬᠠᠨ ᠤ ᠰᠤᠳᠤᠯᠤᠯ ᠪᠠ ᠵᠢᠭᠠᠨ ᠰᠤᠷᠭᠠᠯᠲᠠ ᠳᠤ ᠬᠡᠷᠡᠭᠯᠡᠬᠦ ᠬᠤᠤᠷᠲᠤ ᠴᠢᠨᠠᠷᠲᠠᠢ ᠡᠮ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ︔ | ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠢᠨᠠᠨ ᠰᠢᠯᠭᠠᠬᠤ ᠪᠠ ᠮᠡᠳᠡᠭᠦᠯᠬᠦ᠃ | ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠢ ᠣᠢ ᠰᠢᠭᠤᠢ ᠤᠰᠤᠨ ᠤ ᠬᠡᠷᠡᠭ ᠡᠷᠬᠢᠯᠡᠬᠦ ᠰᠠᠯᠠᠭ᠎ᠠ | ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠷᠢᠭᠤᠴᠠᠨ᠎ᠠ᠄ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠢ | ᠬᠠᠮᠠᠭᠠᠯᠠᠬᠤ ᠪᠠ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠪᠠᠶᠢᠭᠤᠯᠵᠤ 10 ᠠᠴᠠ 1050 ᠮᠦ ᠪᠡᠯᠴᠢᠭᠡᠷ ᠬᠡᠷᠡᠭᠯᠡᠬᠦ | ᠵᠥᠪᠰᠢᠶᠡᠷᠡᠯ︔ ᠮᠠᠯ ᠤᠨ ᠡᠮ ᠤᠨ ᠵᠠᠷ ᠮᠡᠳᠡᠭᠡ ᠶᠢ ᠬᠢᠨᠠᠨ ᠵᠥᠪᠰᠢᠶᠡᠷᠡᠬᠦ︔ ᠲᠠᠷᠢᠶᠠᠨ ᠡᠮ ᠤᠨ ᠵᠠᠷ ᠮᠡᠳᠡᠭᠡ ᠶᠢ ᠬᠢᠨᠠᠨ ᠵᠥᠪᠰᠢᠶᠡᠷᠡᠬᠦ︔ ᠤᠯᠤᠰ ᠤᠨ | ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠬᠡᠭᠡᠷ᠎ᠡ ᠶᠢᠨ ᠤᠷᠭᠤᠮᠠᠯ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠲᠠᠯ᠎ᠠ ᠨᠤᠲᠤᠭ | ᠤᠨ ᠬᠡᠭᠡᠷ᠎ᠡ ᠶᠢᠨ ᠤᠷᠭᠤᠮᠠᠯ ᠢ ᠬᠢᠨᠠᠨ ᠵᠥᠪᠰᠢᠶᠡᠷᠡᠬᠦ ︔ ᠭᠠᠭ᠋ᠠᠶ᠂ ᠦᠬᠡᠷ᠂ ᠬᠤᠨᠢ ᠢᠮᠠᠭ᠎ᠠ ᠶᠢᠨ ᠲᠣᠭᠲᠠᠭᠰᠠᠨ ᠨᠢᠲᠤᠯᠬᠤ ᠭᠠᠵᠠᠷ ︵ᠲᠠᠯᠠᠪᠠᠶ︶ | ᠪᠠᠶᠢᠷᠢᠯᠠᠭᠤᠯᠬᠤ ᠵᠥᠪᠰᠢᠶᠡᠷᠡᠯ︔ ᠤᠰᠤᠨ ᠭᠠᠷᠤᠯᠲᠠ ᠶᠢᠨ ᠵᠤᠯᠵᠠᠭ᠎ᠠ ᠦᠷᠡᠵᠢᠭᠦᠯᠬᠦ ᠵᠥᠪᠰᠢᠶᠡᠷᠡᠯ ᠪᠠ ᠤᠰ ᠤᠨ ᠭᠠᠷᠤᠯᠲᠠ ᠶᠢᠨ ᠵᠣᠯᠢᠵᠠᠭᠠ | ᠦᠷᠡᠵᠢᠭᠦᠯᠬᠦ ᠶᠢᠨ ᠲᠠᠯᠠᠪᠠᠢ ᠶᠢᠨ ᠬᠢᠷᠢ ᠬᠡᠮ ᠤᠨ ᠭᠡᠷᠡᠴᠢᠯᠡᠯ︔ ᠵᠢᠭᠠᠰᠤᠨ ᠠᠵᠤ ᠠᠬᠤᠢ ᠶᠢᠨ ᠣᠩᠭᠤᠴᠠᠴᠢᠨ ᠤ ᠦᠨᠡᠮᠯᠡᠯ ᠢ ᠬᠢᠨᠠᠨ ᠣᠯᠭᠤᠬᠤ︔ | ᠲᠠᠷᠢᠶᠠᠯᠠᠩ ᠤᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠲᠡᠭᠡᠭᠡᠪᠦᠷᠢᠯᠡᠬᠦ ᠤᠷᠭᠤᠮᠠᠯ ᠤᠨ ᠬᠢᠵᠢᠭ ᠪᠠᠶᠢᠴᠠᠭᠠᠬᠤ ᠦᠨᠡᠮᠯᠡᠯ ᠢ ᠬᠢᠨᠠᠨ ᠣᠯᠭᠤᠬᠤ︔ | ᠣᠶᠢᠲᠤ ᠭᠠᠵᠠᠷ ᠢ ᠲᠦᠷᠢ ᠴᠠᠭ ᠠᠰᠢᠭᠯᠠᠬᠤ ᠶᠢ ᠬᠢᠨᠠᠨ ᠵᠥᠪᠰᠢᠶᠡᠷᠡᠬᠦ︔ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠪᠠ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠠᠩᠨᠠᠬᠤ ᠣᠨᠴᠠ ᠵᠥᠪᠰᠢᠶᠡᠷᠡᠯ ᠤᠨ ᠭᠡᠷᠡᠴᠢ ᠶᠢ ᠠᠩᠬ᠎ᠠ ᠬᠢᠨᠠᠬᠤ︔ | ᠤᠯᠤᠰ ᠤᠨ ᠥᠮᠴᠢᠯᠡᠯ ᠤᠨ ᠣᠶᠢᠲᠤ ᠣᠷᠣᠨ ᠳᠤ ᠣᠶ ᠰᠢᠭᠤᠶ ᠶᠢᠨ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠡᠭᠡᠭᠡᠬᠦ ᠶᠢ ᠬᠢᠨᠠᠨ | ᠵᠥᠪᠰᠢᠶᠡᠷᠡᠬᠦ︔ ᠣᠢ ᠮᠣᠳᠣ ᠶᠢᠨ ᠴᠢᠬᠢ ᠶᠢ ᠥᠪᠡᠷᠲᠡᠭᠡᠨ ᠵᠠᠰᠠᠬᠤ ᠣᠷᠣᠨ ᠠᠴᠠ ᠭᠠᠷᠭᠠᠵᠤ ᠣᠷᠣᠭᠤᠯᠬᠤ ᠪᠤᠶᠤ ᠠᠶᠢᠮᠠᠭ ᠬᠤᠲᠠ ᠠᠯᠤᠰᠯᠠᠨ | ᠲᠡᠭᠡᠭᠡᠪᠦᠷᠢᠯᠡᠬᠦ ᠶᠢ ᠰᠢᠯᠭᠠᠨ ᠪᠠᠶᠢᠴᠠᠭᠠᠵᠤ ᠬᠢᠷᠢ ᠲᠡᠩᠴᠡᠭᠰᠡᠨ ᠦᠨᠡᠮᠯᠡᠯ ᠣᠯᠭᠤᠬᠤ︔ ᠣᠢ ᠰᠢᠭᠤᠢ ᠶᠢᠨ ᠰᠢᠰᠲ᠋ᠧᠮ ᠤᠨ ᠣᠷᠣᠨ ᠨᠤᠲᠤᠭ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠣᠵᠤ ᠰᠢᠨᠵᠢᠯᠡᠬᠦ ᠤᠬᠠᠭᠠᠨ ᠤ ᠰᠤᠳᠤᠯᠤᠯ ᠬᠢᠬᠦ ᠶᠢ ᠬᠢᠨᠠᠨ ᠵᠥᠪᠰᠢᠶᠡᠷᠡᠬᠦ︔ ᠥᠪᠡᠷᠲᠡᠭᠡᠨ ᠵᠠᠰᠠᠬᠤ | ᠣᠷᠣᠨ ᠤ ᠭᠠᠳᠠᠨ᠎ᠠ ᠠᠴᠠ ᠪᠤᠶᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠶᠢᠮᠠᠭ ᠬᠤᠲᠠ ᠶᠢᠨ ᠬᠤᠭᠤᠷᠣᠨᠳᠣ ᠣᠶ ᠮᠣᠳᠣᠨ ᠤ ᠲᠥᠷᠥᠯ ᠢ | ᠣᠷᠣᠭᠤᠯᠬᠤ ᠵᠥᠪᠰᠢᠶᠡᠷᠡᠯ︔ ᠭᠤᠤᠯ ᠠᠴᠠ ᠰᠢᠷᠣᠢ ᠮᠠᠯᠲᠠᠬᠤ ᠵᠥᠪᠰᠢᠶᠡᠷᠡᠯ︔ ᠦᠶᠡᠷ ᠤᠨ ᠤᠰᠤᠨ ᠤ ᠨᠥᠯᠥᠭᠡ ᠶᠢ ᠦᠨᠡᠯᠡᠬᠦ ᠬᠢᠨᠠᠨ ᠵᠥᠪᠰᠢᠶᠡᠷᠡᠯ︔ | ᠤᠰᠤ ᠲᠠᠲᠠᠬᠤ ᠡᠷᠬᠡ ᠶᠢ ᠲᠥᠯᠥᠪᠦᠷᠢ ᠲᠠᠢ ᠪᠠᠷ ᠬᠤᠳᠠᠯᠳᠤᠬᠤ ᠵᠥᠪᠰᠢᠶᠡᠷᠡᠯ︔ ᠤᠰᠤ ᠲᠠᠲᠠᠬᠤ ᠵᠥᠪᠰᠢᠶᠡᠷᠡᠯ︔ ᠭᠤᠣᠯ ᠤᠷᠤᠭᠤ ᠪᠣᠬᠢᠷᠲᠤᠯ ᠪᠣᠳᠠᠰ | ᠭᠠᠳᠠᠭᠰᠢᠯᠠᠭᠤᠯᠬᠤ ᠠᠮᠠ ᠭᠠᠷᠭᠠᠬᠤ ᠶᠢ ᠬᠢᠨᠠᠨ ᠵᠥᠪᠰᠢᠶᠡᠷᠡᠬᠦ︔ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ | ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ︔ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠤᠨ ᠠᠩᠬ᠎ᠠ | ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ︔ ᠤᠰᠤ ᠭᠠᠳᠠᠭᠰᠢᠯᠠᠭᠤᠯᠬᠤ ᠵᠥᠪᠰᠢᠶᠡᠷᠡᠯ︔ ᠲᠠᠷᠢᠶᠠᠯᠠᠩ ᠤᠨ | ᠤᠰᠤᠯᠠᠯᠲᠠ ᠶᠢᠨ ᠤᠰᠤᠨ ᠤ ᠡᠬᠢ ᠰᠤᠷᠪᠤᠯᠵᠢ᠂ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠡᠯᠡᠳᠬᠡᠮᠵᠢ ᠶᠢ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ︔ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠤᠰᠤᠨ ᠣᠷᠣᠨ ᠢ ᠪᠥᠭᠯᠡᠬᠦ᠂ ᠬᠠᠰᠢᠯᠭ᠎ᠠ ᠳᠠᠯᠠᠩ ᠢ ᠨᠤᠷᠠᠭᠠᠬᠤ ᠶᠢ ᠬᠢᠨᠠᠨ ᠵᠥᠪᠰᠢᠶᠡᠷᠡᠬᠦ︔ ᠭᠤᠤᠯ ᠤᠨ | ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠢ ᠰᠡᠷᠭᠡᠶᠢᠯᠡᠬᠦ ᠪᠤᠰᠤ ᠠᠵᠢᠯᠯᠠᠭ᠎ᠠ ᠬᠢᠬᠦ ᠵᠥᠪᠰᠢᠶᠡᠷᠡᠯ ︵ᠭᠤᠤᠯ ᠠᠴᠠ ᠰᠢᠷᠣᠢ ᠮᠠᠯᠲᠠᠬᠤ ᠶᠢ ᠪᠠᠭᠲᠠᠭᠠᠬᠤ | ᠦᠭᠡᠢ︶︔ ᠬᠥᠳᠡᠭᠡ ᠲᠤᠰᠬᠤᠨ ᠤ ᠬᠠᠮᠲᠤ ᠶᠢᠨ ᠠᠵᠤ ᠠᠬᠤᠶ ᠠᠴᠠ ᠤᠰᠤᠨ ᠴᠥᠬᠦᠷᠥᠮ ᠢ ᠵᠠᠰᠠᠵᠤ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠬᠥᠳᠡᠭᠡ | ᠲᠣᠰᠬᠤᠨ ᠤ ᠢᠳᠡᠬᠦ ᠤᠰᠤ ᠬᠠᠩᠭᠠᠬᠤ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠬᠢᠨᠠᠨ | ᠪᠠᠶᠢᠴᠠᠭᠠᠬᠤ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠯᠠᠨ ᠨᠡᠶᠢᠲᠡ ᠶᠢᠨ ᠤᠰᠤ ᠬᠠᠩᠭᠠᠬᠤ ᠪᠡᠯᠡᠳᠬᠡᠮᠵᠢ ᠶᠢ ᠥᠭᠡᠷᠡᠴᠢᠯᠡᠬᠦ᠂ ᠨᠤᠷᠠᠭᠠᠬᠤ ᠪᠤᠶᠤ | ᠰᠢᠯᠵᠢᠭᠦᠯᠬᠦ ᠶᠢ ᠬᠢᠨᠠᠨ ᠵᠥᠪᠰᠢᠶᠡᠷᠡᠬᠦ︔ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠢᠨᠠᠨ ᠰᠢᠯᠭᠠᠬᠤ ᠪᠠ | ᠮᠡᠳᠡᠭᠦᠯᠬᠦ᠃ | ︵ᠠᠷᠪᠠᠨ ᠲᠠᠪᠤ︶ ᠬᠠᠶᠢᠨ ᠰᠢᠯᠭᠠᠬᠤ ᠨᠢᠭᠡᠳᠦᠭᠡᠷ ᠰᠠᠯᠠᠭ᠎ᠠ | ᠪᠡᠯᠡ ᠣᠷᠣᠭᠤᠯᠤᠨ ᠪᠦᠲᠦᠭᠡᠨ ᠪᠠᠶᠢᠭᠤᠯᠬᠤ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠶᠢᠨ ᠰᠢᠯᠭᠠᠬᠤ ᠭᠤᠭᠴᠤᠭ᠎ᠠ ᠶᠢᠨ | ᠪᠦᠬᠦ ᠶᠠᠪᠤᠴᠠ ᠶᠢᠨ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ | ᠠᠪᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ ᠬᠤᠯᠪᠣᠭᠳᠠᠯ ᠪᠦᠬᠦᠢ ᠳᠦᠷᠢᠮ ᠢ ᠰᠢᠯᠢᠳᠡᠭᠵᠢᠭᠦᠯᠦᠨ | ᠰᠠᠶᠢᠵᠢᠷᠠᠭᠤᠯᠤᠨ᠎ᠠ᠃ ᠬᠠᠶᠢᠨ ᠰᠢᠯᠭᠠᠭᠰᠠᠨ ᠪᠢᠴᠢᠭ ᠬᠠᠷ᠎ᠠ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠲᠠᠪᠴᠠᠩ ᠤᠨ | ᠲᠣᠭᠠᠴᠢᠯᠠᠭᠰᠠᠨ ᠬᠠᠶᠢᠨ ᠰᠢᠯᠭᠠᠭᠰᠠᠨ ᠲᠤᠭ᠎ᠠ ᠪᠠᠷᠢᠮᠲᠠ ᠶᠢᠨ ᠡᠳᠦᠷ ᠲᠤᠲᠤᠮ ᠤᠨ ᠬᠠᠮᠢᠶᠠᠷᠤᠯᠲᠠ ᠪᠠ ᠬᠠᠶᠢᠨ ᠰᠢᠯᠭᠠᠭᠰᠠᠨ ᠲᠤᠬᠠᠶ ᠶᠢᠨ ᠲᠠᠯᠠᠪᠠᠢ ᠶᠢᠨ | ᠵᠢᠷᠤᠭ ᠳᠦᠷᠰᠦ᠂ ᠭᠠᠷ ᠤᠨ ᠦᠰᠦᠭ ᠵᠢᠷᠤᠭᠰᠠᠨ ᠪᠢᠴᠢᠭ ᠬᠠᠷ᠎ᠠ ᠵᠡᠷᠭᠡ ᠲᠤᠭ᠎ᠠ ᠪᠠᠷᠢᠮᠲᠠ ᠶᠢᠨ ᠬᠥᠮᠥᠷᠭᠡ ᠶᠢᠨ ᠵᠠᠭᠪᠤᠷ ᠤᠨ ᠬᠠᠮᠢᠶᠠᠷᠤᠯᠲᠠ ᠶᠢ ᠬᠠᠷᠢᠭᠤᠴᠠᠨ᠎ᠠ | ᠃ ᠭᠠᠭᠴᠠᠭᠠᠷ ᠬᠠᠶᠢᠨ ᠰᠢᠯᠭᠠᠬᠤ᠂ ᠬᠠᠮᠲᠤᠷᠠᠨ ᠬᠠᠶᠢᠨ ᠰᠢᠯᠭᠠᠬᠤ ᠵᠢᠴᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠶᠢᠨ ᠰᠢᠯᠭᠠᠬᠤ ᠶᠢ ᠬᠢᠨᠠᠨ | ᠲᠣᠭᠲᠠᠭᠠᠬᠤ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ ᠰᠠᠯᠠᠭ᠎ᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ | ᠳᠦᠷᠢᠮ ᠵᠢᠴᠢ ᠬᠡᠷᠡᠭᠵᠢᠭᠦᠯᠬᠦ ᠨᠠᠷᠢᠨ ᠳᠦᠷᠢᠮ ᠢ ᠬᠠᠷᠢᠭᠤᠴᠠᠨ ᠲᠣᠭᠲᠠᠭᠠᠨ᠎ᠠ᠃ ᠬᠠᠶᠢᠨ ᠰᠢᠯᠭᠠᠬᠤ᠂ ᠬᠢᠨᠠᠨ ᠲᠣᠭᠲᠠᠭᠠᠬᠤ ᠰᠠᠨᠠᠯ ᠳᠤᠷᠠᠳᠤᠨ᠎ᠠ᠃ | ︵ᠠᠷᠪᠠᠨ ᠵᠢᠷᠭᠤᠭ᠎ᠠ︶ ᠬᠠᠶᠢᠨ ᠰᠢᠯᠭᠠᠬᠤ ᠬᠤᠶᠠᠳᠤᠭᠠᠷ ᠰᠠᠯᠠᠭ᠎ᠠ | ᠨᠡᠶᠢᠭᠡᠮ ᠣᠯᠠᠨᠨᠡᠶᠢᠲᠡ ᠶᠢᠨ ᠬᠡᠷᠡᠭ ᠶᠠᠪᠤᠳᠠᠯ ᠤᠨ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠠᠶᠢᠨ ᠰᠢᠯᠭᠠᠬᠤ ᠭᠤᠭᠴᠤᠭ᠎ᠠ ᠶᠢᠨ | ᠪᠦᠬᠦ ᠶᠠᠪᠤᠴᠠ ᠶᠢᠨ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ | ᠠᠪᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ ᠬᠤᠯᠪᠣᠭᠳᠠᠯ ᠪᠦᠬᠦᠢ ᠳᠦᠷᠢᠮ ᠢ ᠰᠢᠯᠢᠳᠡᠭᠵᠢᠭᠦᠯᠦᠨ | ᠰᠠᠶᠢᠵᠢᠷᠠᠭᠤᠯᠤᠨ᠎ᠠ᠃ ᠬᠠᠶᠢᠨ ᠰᠢᠯᠭᠠᠭᠰᠠᠨ ᠪᠢᠴᠢᠭ ᠬᠠᠷ᠎ᠠ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠲᠠᠪᠴᠠᠩ ᠤᠨ | ᠲᠣᠭᠠᠴᠢᠯᠠᠭᠰᠠᠨ ᠬᠠᠶᠢᠨ ᠰᠢᠯᠭᠠᠭᠰᠠᠨ ᠲᠤᠭ᠎ᠠ ᠪᠠᠷᠢᠮᠲᠠ ᠶᠢᠨ ᠡᠳᠦᠷ ᠲᠤᠲᠤᠮ ᠤᠨ ᠬᠠᠮᠢᠶᠠᠷᠤᠯᠲᠠ ᠪᠠ ᠬᠠᠶᠢᠨ ᠰᠢᠯᠭᠠᠭᠰᠠᠨ ᠲᠤᠬᠠᠶ ᠶᠢᠨ ᠲᠠᠯᠠᠪᠠᠢ ᠶᠢᠨ | ᠵᠢᠷᠤᠭ ᠳᠦᠷᠰᠦ᠂ ᠭᠠᠷ ᠤᠨ ᠦᠰᠦᠭ ᠵᠢᠷᠤᠭᠰᠠᠨ ᠪᠢᠴᠢᠭ ᠬᠠᠷ᠎ᠠ ᠵᠡᠷᠭᠡ ᠲᠤᠭ᠎ᠠ ᠪᠠᠷᠢᠮᠲᠠ ᠶᠢᠨ ᠬᠥᠮᠥᠷᠭᠡ ᠶᠢᠨ ᠵᠠᠭᠪᠤᠷ ᠤᠨ ᠬᠠᠮᠢᠶᠠᠷᠤᠯᠲᠠ ᠶᠢ ᠬᠠᠷᠢᠭᠤᠴᠠᠨ᠎ᠠ | ᠃ ᠭᠠᠭᠴᠠᠭᠠᠷ ᠬᠠᠶᠢᠨ ᠰᠢᠯᠭᠠᠬᠤ᠂ ᠬᠠᠮᠲᠤᠷᠠᠨ ᠬᠠᠶᠢᠨ ᠰᠢᠯᠭᠠᠬᠤ ᠵᠢᠴᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠶᠢᠨ ᠰᠢᠯᠭᠠᠬᠤ ᠶᠢ ᠬᠢᠨᠠᠨ | ᠲᠣᠭᠲᠠᠭᠠᠬᠤ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ ᠰᠠᠯᠠᠭ᠎ᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ | ᠳᠦᠷᠢᠮ ᠵᠢᠴᠢ ᠬᠡᠷᠡᠭᠵᠢᠭᠦᠯᠬᠦ ᠨᠠᠷᠢᠨ ᠳᠦᠷᠢᠮ ᠢ ᠬᠠᠷᠢᠭᠤᠴᠠᠨ ᠲᠣᠭᠲᠠᠭᠠᠨ᠎ᠠ᠃ ᠬᠠᠶᠢᠨ ᠰᠢᠯᠭᠠᠬᠤ᠂ ᠬᠢᠨᠠᠨ ᠲᠣᠭᠲᠠᠭᠠᠬᠤ ᠰᠠᠨᠠᠯ ᠳᠤᠷᠠᠳᠤᠨ᠎ᠠ᠃ | ︵ᠠᠷᠪᠠᠨ ᠳᠣᠯᠤᠭ᠎ᠠ︶ ᠰᠢᠮᠳᠠᠭᠤᠯᠤᠨ ᠪᠠᠶᠢᠴᠠᠭᠠᠬᠤ ᠰᠠᠯᠠᠭ᠎ᠠ | ᠬᠤᠲᠠ ᠶᠢᠨ ᠲᠣᠰ ᠱᠠᠲᠤ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠬᠢᠨᠠᠨ ᠰᠢᠯᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠢᠯᠡᠴᠢᠯᠡᠭᠡᠨ ᠤ ᠲᠢᠩᠬᠢᠮ ᠤᠨ ᠠᠵᠢᠯ ᠤᠨ ᠪᠦᠲᠦᠮᠵᠢ ᠶᠢ | ᠰᠢᠮᠳᠠᠭᠤᠯᠤᠨ ᠪᠠᠶᠢᠴᠠᠭᠠᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ᠂ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠠᠵᠢᠯ ᠢ | ᠬᠠᠷᠢᠭᠤᠴᠠᠨ᠎ᠠ᠃ ᠦᠢᠯᠡᠴᠢᠯᠡᠭᠡᠨ ᠤ ᠲᠢᠩᠬᠢᠮ ᠤᠨ ᠦᠢᠯᠡᠴᠢᠯᠡᠬᠦ ᠡᠲᠡᠭᠡᠳ ᠤᠨ ᠵᠠᠭᠠᠯᠳᠤᠯᠭ᠎ᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠣᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠡᠮᠵᠢᠨ ᠪᠣᠳᠣᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ | ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ᠃ ᠪᠥᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠡᠯ᠎ᠡ ᠱᠠᠲᠤᠨ ᠤ | ᠴᠣᠩᠬᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠯᠲᠠ ᠶᠢ | ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠲᠣᠰ ᠲᠣᠪᠴᠢᠶ᠎ᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ | ᠬᠠᠷᠢᠭᠤᠴᠠᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ | ᠣᠯᠠᠨ ᠨᠡᠶᠢᠲᠡ ᠶᠢᠨ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠠᠵᠢᠯᠲᠠᠨ ᠤ ᠣᠷᠣᠨ ᠲᠤᠭ᠎ᠠ ᠪᠠ ᠤᠳᠤᠷᠢᠳᠤᠯᠭ᠎ᠠ ᠶᠢᠨ ᠣᠷᠣᠨ ᠲᠤᠭ᠎ᠠ | ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠣᠷᠣᠨ ᠲᠤᠭ᠎ᠠ 44᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3︔ ᠰᠠᠯᠠᠭᠠᠨ ᠲᠠᠰ ᠤᠨ ᠤᠳᠤᠷᠢᠳᠬᠤ | ᠲᠤᠰᠢᠶᠠᠯ ᠤᠨ ᠬᠥᠮᠥᠨ ᠤ ᠲᠤᠭ᠎ᠠ 36 ︵18 ᠵᠢᠩᠬᠢᠨᠢ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ 1 ᠬᠦᠮᠦᠨ | ᠪᠠᠭᠲᠠᠨ᠎ᠠ︶ 18 ᠳᠡᠳ᠋ ︵ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ ᠪᠠᠭᠲᠠᠨ᠎ᠠ︶᠃ | ᠳᠥᠷᠪᠡ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢᠨ ᠬᠠᠷᠢᠶ᠎ᠠ | ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰᠲᠠᠭᠠᠨ ᠲᠣᠭᠲᠠᠭᠠᠨ᠎ᠠ᠃ | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠶᠢᠨ 6 ᠨᠣᠮᠧᠷᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠠᠰᠠᠷ | ᠤᠲᠠᠰᠤ᠄ 0471-5332199᠂ 5332212 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00--12᠄ 00 ᠂ᠦᠳᠡ ᠶᠢᠨ ᠬᠤᠶᠢᠨ᠎ᠠ 2᠄ 00--5᠄ 00 | ᠬᠠᠷᠢᠭᠤᠴᠠᠯᠭᠠᠲᠠᠨ᠄ ᠬᠠᠨ ᠴᠢᠦᠸᠠᠨ ᠹᠧᠨ | |