ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠯᠤᠸᠠᠨ ᠱᠢ ᠴᠢᠶᠠᠩ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠥᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠣᠪᠴᠢᠶ᠎ᠠ ᠶᠢᠨ ᠪᠠᠶᠢᠭᠤᠯᠭ᠎ᠠ ᠪᠠ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠤᠯᠪᠣᠭᠠᠲᠤ ᠬᠤᠷᠠᠯ ᠤᠨ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠦᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠃      ᠭᠤᠷᠪᠠᠳᠤᠭᠠᠷ ᠵᠦᠢᠯ ᠬᠥᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠵᠤ ᠵᠢᠯᠣᠭᠤᠳᠤᠨ᠎ᠠ᠃      ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠳᠠᠭᠠᠭᠠᠨ ᠰᠢᠢᠳᠪᠦᠷᠢᠯᠡᠨ᠎ᠡ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠬᠦᠯᠢᠶᠡᠨ ᠠᠪᠬᠤ ᠪᠠ ᠰᠢᠢᠳᠪᠦᠷᠢᠯᠡᠨ᠎ᠡ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃      ︵ᠭᠤᠷᠪᠠ︶ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ᠂ ᠲᠤᠰᠢᠶᠠᠨ ᠰᠢᠢᠳᠪᠦᠷᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠭᠰᠡᠨ ᠪᠠ ᠵᠠᠬᠢᠳᠠᠯ ᠰᠣᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠨ᠎ᠡ᠃      ︵ᠳᠥᠷᠪᠡ︶ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠵᠠᠳᠠᠯᠵᠤ᠂ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃      ︵ᠲᠠᠪᠤ︶ ᠵᠠᠬᠢᠳᠠᠯ ᠰᠣᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃      ︵ᠳᠣᠯᠤᠭ᠎ᠠ︶ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠠᠲᠤ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠠᠲᠤ ᠬᠤᠷᠠᠯ ᠤᠨ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃      ︵ᠨᠠᠢᠮᠠ︶ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠰᠣᠯᠢᠯᠴᠠᠭ᠎ᠠ ᠶᠢ ᠵᠣᠬᠢᠴᠠᠭᠤᠯᠤᠨ᠎ᠠ       ︵ᠶᠢᠰᠦ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ ᠬᠥᠬᠡᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠵᠠᠰᠠᠭ ᠤᠨ ᠶᠠᠪᠤᠳᠠᠯ᠂ ᠬᠤᠷᠠᠯ ᠤᠨ ᠶᠠᠪᠤᠳᠠᠯ᠂ ᠡᠳ᠋ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠨ᠎ᠡ᠃ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠬᠤᠯᠪᠣᠭᠠᠲᠤ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠤᠭᠤᠳᠬᠤ ᠰᠠᠨᠠᠯ ᠳᠤᠷᠠᠳᠤᠨ᠎ᠠ᠃ ᠪᠦᠬᠦ ᠲᠠᠯ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠴᠢᠬᠤᠯᠠ ᠬᠤᠷᠠᠯ ᠳᠤ ᠬᠡᠷᠡᠭᠰᠡᠬᠦ ᠬᠤᠯᠪᠣᠭᠳᠠᠯ ᠪᠦᠬᠦᠢ ᠶᠡᠷᠦᠩᠬᠡᠶᠢᠯᠡᠭᠰᠡᠨ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠲᠤᠭᠤᠷᠪᠢᠨ ᠪᠢᠴᠢᠵᠦ᠂ ᠵᠠᠬᠢᠳᠠᠯ ᠰᠣᠷᠪᠤᠯᠵᠢᠯᠠᠭ᠎ᠠ ᠶᠢᠨ ᠶᠡᠷᠦᠩᠬᠡᠶᠢᠯᠡᠭᠰᠡᠨ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠰᠣᠨᠢᠨ ᠮᠡᠳᠡᠭᠡᠯᠡᠯ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ᠃       ︵ᠬᠤᠶᠠᠷ︶ ᠳᠠᠬᠢᠨ ᠪᠠᠶᠢᠴᠠᠭᠠᠵᠤ ᠳᠠᠬᠢᠨ ᠬᠢᠨᠠᠬᠤ ᠰᠠᠯᠠᠭ᠎ᠠ᠃ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠱᠠᠲᠤ ᠱᠠᠲᠤ ᠪᠠᠷ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ ᠶᠢ ᠵᠣᠬᠢᠴᠠᠭᠤᠯᠤᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠵᠦ᠂ ᠬᠠᠤᠯᠢᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠣᠷᠣᠯᠴᠠᠬᠤ ᠵᠡᠷᠭᠡ ᠠᠵᠢᠯ ᠢ ᠵᠣᠬᠢᠴᠠᠩᠭᠤᠢ ᠪᠠᠷ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠲᠠ ᠶᠢᠨ ᠰᠢᠭᠤᠳ ᠬᠠᠷᠢᠶ᠎ᠠ ᠠᠵᠢᠯ ᠤᠨ ᠰᠠᠯᠠᠭ᠎ᠠ ᠮᠥᠴᠢᠷ ᠲᠤ ᠲᠠᠬᠢᠨ ᠪᠠᠶᠢᠴᠠᠭᠠᠯᠭᠠᠵᠤ ᠳᠠᠬᠢᠨ ᠬᠢᠨᠠᠭᠤᠯᠬᠤ  ᠪᠠᠷ ᠭᠤᠶᠤᠴᠢᠯᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠬᠦᠯᠢᠶᠡᠨ ᠠᠪᠴᠤ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠨᠢᠭᠡᠴᠢ ᠶᠢ ᠵᠢᠭᠠᠨ ᠵᠢᠯᠤᠭᠤᠳᠴᠤ ᠴᠢᠬᠤᠯᠠ ᠶᠡᠭᠡ᠂ ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠳᠠᠬᠢᠨ ᠬᠢᠨᠠᠬᠤ ᠭᠡᠷᠡᠴᠢᠯᠡᠭᠡ ᠰᠣᠨᠣᠰᠬᠤ ᠬᠤᠷᠠᠯ ᠢ ᠪᠡᠯᠡᠳᠬᠡᠬᠦ ᠪᠤᠶᠤ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃      ︵ᠭᠤᠷᠪᠠ︶ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠷᠡᠭᠦᠯᠦᠭᠰᠡᠨ ᠵᠠᠬᠢᠳᠠᠯ ᠪᠠ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠵᠠᠭᠠᠯᠳᠤᠬᠤ ᠲᠥᠪ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠶᠢᠨ ᠵᠠᠬᠢᠳᠠᠯ ᠤᠨ ᠬᠠᠶᠢᠷᠴᠠᠭ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢᠶᠠᠷ ᠢᠷᠡᠭᠰᠡᠨ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠬᠦᠯᠢᠶᠡᠨ ᠠᠪᠴᠤ ᠰᠢᠢᠳᠪᠦᠷᠢᠯᠡᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠴᠣᠬᠤᠯᠠᠪᠤᠷᠢᠯᠠᠭᠰᠠᠨ ᠵᠠᠬᠢᠳᠠᠯ ᠤᠨ ᠵᠦᠢᠯᠡᠰ ᠢ ᠳᠠᠭᠠᠭᠠᠨ ᠭᠦᠢᠴᠡᠳᠬᠡᠨ᠎ᠡ᠃ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠪᠠ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠳᠠᠭᠠᠭᠠᠨ ᠰᠢᠢᠳᠪᠦᠷᠢᠯᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠯᠠᠪᠯᠠᠯᠭ᠎ᠠ᠂ ᠵᠠᠭᠠᠯᠳᠤᠬᠤ ᠤᠲᠠᠰᠤ ᠶᠢᠨ ᠠᠵᠢᠯ ᠢ ᠡᠭᠦᠷᠭᠡᠯᠡᠨ᠎ᠡ᠃ ᠢᠷᠡᠭᠦᠯᠦᠭᠰᠡᠨ ᠵᠠᠬᠢᠳᠠᠯ ᠢᠷᠡᠭᠦᠯᠦᠭᠰᠡᠨ ᠤᠲᠠᠰᠤ ᠪᠠ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠳᠤ ᠰᠢᠯᠵᠢᠭᠦᠯᠦᠨ ᠬᠦᠷᠭᠡᠵᠦ᠂ ᠲᠤᠰᠢᠶᠠᠨ ᠰᠢᠢᠳᠪᠦᠷᠢᠯᠡᠭᠦᠯᠵᠦ᠂ ᠰᠢᠮᠳᠠᠭᠤᠯᠤᠨ ᠪᠠᠶᠢᠴᠠᠭᠠᠨ᠎ᠠ᠃ ᠢᠷᠡᠭᠦᠯᠦᠭᠰᠡᠨ ᠵᠠᠬᠢᠳᠠᠯ ᠢᠷᠡᠭᠦᠯᠦᠭᠰᠡᠨ ᠤᠲᠠᠰᠤ ᠪᠠ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠠᠷᠠᠳ ᠢᠷᠭᠡᠨ ᠪᠠ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠰᠢᠢᠳᠪᠦᠷᠢᠯᠡᠵᠦ᠂ ᠰᠤᠳᠤᠯᠵᠤ᠂ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠯᠲᠠ ᠲᠠᠯᠪᠢᠵᠤ ᠵᠢᠭᠠᠨ ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠪᠠᠶᠢᠴᠠᠭᠠᠨ᠎ᠠ᠃      ︵ᠳᠥᠷᠪᠡ︶ ᠰᠣᠷᠪᠤᠯᠵᠢᠯᠠᠭ᠎ᠠ ᠶᠢ ᠬᠦᠯᠢᠶᠡᠨ ᠠᠪᠬᠤ ᠨᠢᠭᠡᠳᠦᠭᠡᠷ ᠰᠠᠯᠠᠭ᠎ᠠ᠃ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ ᠣᠯᠠᠨ ᠲᠦᠮᠡᠨ ᠤ ᠰᠣᠷᠪᠤᠯᠵᠢᠯᠠᠭ᠎ᠠ ᠶᠢᠨ ᠤᠴᠢᠷ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠵᠦ᠂ ᠰᠣᠷᠪᠤᠯᠵᠢᠯᠠᠭ᠎ᠠ ᠶᠢ ᠬᠦᠯᠢᠶᠡᠨ ᠠᠪᠬᠤ ᠲᠠᠯᠠᠪᠤᠷ ᠤᠨ ᠡᠮᠬᠢ ᠵᠢᠷᠤᠮ ᠢ ᠬᠠᠮᠠᠭᠠᠯᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠶᠢ ᠵᠥᠷᠢᠴᠡᠵᠦ ᠳᠡᠭᠡᠭᠰᠢ ᠰᠤᠷᠪᠤᠯᠵᠢᠯᠠᠬᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠰᠣᠷᠪᠤᠯᠵᠢᠯᠠᠭ᠎ᠠ ᠶᠢ ᠭᠥᠯᠢᠶᠡᠨ ᠠᠪᠤᠭᠰᠠᠨ ᠮᠡᠳᠡᠭᠡ ᠵᠠᠩᠭᠢ ᠵᠢᠴᠢ ᠪᠤᠰᠤᠳ ᠣᠯᠠᠨ ᠲᠦᠮᠡᠨ ᠤ ᠰᠣᠷᠪᠤᠯᠵᠢᠯᠠᠭ᠎ᠠ ᠶᠢᠨ ᠲᠥᠷᠥᠯ ᠤᠨ ᠠᠵᠢᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃      ︵ᠲᠠᠪᠤ︶ ᠰᠣᠷᠪᠤᠯᠵᠢᠯᠠᠭ᠎ᠠ ᠶᠢ ᠬᠦᠯᠢᠶᠡᠨ ᠠᠪᠬᠤ ᠬᠤᠶᠠᠳᠤᠭᠠᠷ ᠰᠠᠯᠠᠭ᠎ᠠ᠃ ᠬᠤᠲᠠ ᠶᠢᠨ ᠬᠠᠮᠲᠤᠷᠠᠨ ᠰᠣᠷᠪᠤᠯᠵᠢᠯᠠᠭ᠎ᠠ ᠬᠦᠯᠢᠶᠡᠬᠦ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ ᠤᠨ ᠣᠯᠠᠨ ᠲᠦᠮᠡᠨ ᠤ ᠰᠣᠷᠪᠤᠯᠵᠢᠯᠠᠭ᠎ᠠ ᠶᠢᠨ ᠤᠴᠢᠷ ᠢ ᠭᠥᠯᠢᠶᠡᠨ ᠠᠪᠴᠤ ᠰᠢᠢᠳᠪᠦᠷᠢᠯᠡᠵᠦ᠂ ᠰᠣᠷᠪᠤᠯᠵᠢᠯᠠᠭ᠎ᠠ ᠶᠢ ᠭᠥᠯᠢᠶᠡᠨ ᠠᠪᠬᠤ ᠲᠠᠯᠠᠪᠤᠷ ᠤᠨ ᠡᠮᠬᠢ ᠵᠢᠷᠤᠮ ᠢ ᠬᠠᠮᠠᠭᠠᠯᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠶᠢ ᠵᠥᠷᠢᠴᠡᠵᠦ ᠳᠡᠭᠡᠭᠰᠢ ᠰᠤᠷᠪᠤᠯᠵᠢᠯᠠᠬᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠰᠣᠷᠪᠤᠯᠵᠢᠯᠠᠭ᠎ᠠ ᠶᠢ ᠭᠥᠯᠢᠶᠡᠨ ᠠᠪᠤᠭᠰᠠᠨ ᠮᠡᠳᠡᠭᠡ ᠵᠠᠩᠭᠢ ᠵᠢᠴᠢ ᠪᠤᠰᠤᠳ ᠣᠯᠠᠨ ᠲᠦᠮᠡᠨ ᠤ ᠰᠣᠷᠪᠤᠯᠵᠢᠯᠠᠭ᠎ᠠ ᠶᠢᠨ ᠲᠥᠷᠥᠯ ᠤᠨ ᠠᠵᠢᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃ ᠠᠵᠢᠯ ᠤᠨ ᠪᠠᠶᠢᠳᠠᠯ ᠢᠶᠠᠨ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠤᠳᠤᠷᠢᠳᠬᠤ ᠨᠥᠬᠦᠳ ᠤᠨ ᠴᠣᠬᠤᠯᠠᠪᠤᠷᠢᠯᠠᠵᠤ ᠢᠷᠡᠭᠦᠯᠦᠭᠰᠡᠨ᠂ ᠰᠢᠯᠵᠢᠭᠦᠯᠵᠦ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠳᠠᠭᠠᠭᠠᠨ ᠰᠢᠢᠳᠪᠦᠷᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠢᠳᠪᠦᠷᠢᠯᠡᠭᠦᠯᠦᠭᠰᠡᠨ ᠰᠣᠷᠪᠤᠯᠵᠢᠯᠠᠭ᠎ᠠ ᠶᠢᠨ ᠤᠴᠢᠷ ᠢ ᠬᠠᠷᠢᠭᠤᠴᠠᠨ ᠰᠢᠢᠳᠪᠦᠷᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠬᠤᠲᠠ ᠶᠢᠨ ᠴᠢᠬᠤᠯᠠ ᠬᠤᠷᠠᠯ ᠪᠤᠶᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠣᠯᠠᠨ ᠲᠦᠮᠡᠨ ᠤ ᠰᠣᠷᠪᠤᠯᠵᠢᠯᠠᠭ᠎ᠠ ᠶᠢ ᠭᠥᠯᠢᠶᠡᠨ ᠠᠪᠬᠤ ᠪᠡᠯᠡᠳᠬᠡᠯ ᠲᠥᠰᠥᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠰᠣᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠵᠢᠯᠣᠭᠤᠳᠤᠨ ᠪᠠᠶᠢᠴᠠᠭᠠᠨ᠎ᠠ᠃      ︵ᠵᠢᠷᠭᠤᠭ᠎ᠠ︶ ᠰᠢᠮᠳᠠᠭᠤᠯᠤᠨ ᠪᠠᠶᠢᠴᠠᠭᠠᠬᠤ ᠰᠠᠯᠠᠭ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠭᠰᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠪᠥᠬᠦ ᠬᠤᠲᠠ ᠶᠢᠨ ᠪᠡᠭᠡᠵᠢᠩ ᠳᠤ ᠰᠠᠭᠤᠨ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠡᠭᠦᠷᠭᠡ ᠶᠢ ᠡᠭᠦᠷᠭᠡᠯᠡᠨ᠎ᠡ᠃ ᠲᠦᠪᠡᠭ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠨ᠎ᠡ᠃ ᠣᠨᠴᠠᠭᠠᠶ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠬᠠᠮᠢᠶᠠᠷᠤᠨ ᠬᠡᠷᠡᠭᠯᠡᠬᠦ ᠶᠢᠨ ᠬᠠᠮᠲᠤ ᠵᠣᠬᠢᠴᠠᠭᠤᠯᠤᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠠᠵᠢᠯ ᠢ ᠵᠢᠯᠣᠭᠤᠳᠤᠨ ᠪᠠᠶᠢᠴᠠᠭᠠᠨ᠎ᠠ᠃      ᠪᠠᠶᠢᠭᠤᠯᠭ᠎ᠠ ᠶᠢᠨ ᠨᠠᠮ ᠤᠨ ᠡᠭᠦᠷ ︵ᠠᠵᠢᠯᠲᠠᠨ ᠤ ᠶᠠᠪᠤᠳᠠᠯ ᠤᠨ ᠰᠠᠯᠠᠭ᠎ᠠ︶᠃  ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠪᠦᠯᠬᠦᠮ ᠨᠡᠶᠢᠲᠡ ᠵᠡᠷᠭᠡ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠡᠩᠨᠡᠭᠡᠨ ᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ᠲᠠᠪᠤᠳᠤᠭᠠᠷ ᠵᠦᠢᠯ ᠬᠥᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 20 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 14 ︵8 ᠵᠢᠩᠬᠢᠨᠢ ︵ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠢ ᠲᠤᠰᠢᠶᠠᠯᠲᠤ ᠳᠡᠳ᠋ ᠱᠦᠵᠢ 1 ᠬᠥᠮᠥᠨ᠂ ᠵᠠᠬᠢᠳᠠᠯ ᠰᠤᠷᠪᠤᠯᠵᠢᠯᠠᠭ᠎ᠠ ᠶᠢᠨ ᠰᠢᠮᠳᠠᠭᠤᠯᠤᠨ ᠪᠠᠶᠢᠴᠠᠭᠠᠬᠤ ᠲᠤᠰᠬᠠᠢ ᠲᠤᠰᠢᠶᠠᠯᠲᠠᠨ 1 ᠬᠥᠮᠥᠨ ᠪᠠᠭᠲᠠᠨ᠎ᠠ︶ 6 ᠳᠡᠳ᠋︶᠃      ᠵᠢᠷᠭᠤᠳᠤᠭᠠᠷ ᠵᠦᠢᠯ ᠬᠥᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠳᠣᠯᠣᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠷᠤ᠋ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠧᠩ ᠹᠧᠢ ᠵᠠᠮ ᠤᠨ ᠱᠦᠨ ᠢ ᠵᠡᠭᠡᠯᠢᠠᠵᠢᠯᠯᠠᠬᠤ ᠴᠠᠭ᠄ ᠦᠳᠡ ᠶᠢᠨ ᠡᠮᠦᠨ᠎ᠡ 9᠄ 00-12᠄ 00   ᠦᠳᠡ ᠶᠢᠨ ᠬᠤᠶᠢᠨ᠎ᠠ 1᠄ 30-5᠄ 00ᠤᠲᠠᠰᠤ᠄ 0471-2391073ᠬᠠᠷᠢᠭᠤᠴᠠᠯᠭᠠᠲᠠᠨ᠄ ᠯᠤᠸᠠᠨ ᠱᠢ ᠴᠢᠶᠠᠩ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ