ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠬᠠᠰᠴᠢᠯᠠᠭᠤ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 10 ᠳ᠋ᠤᠭᠠᠷ ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠃ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠦᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠃      ᠭᠤᠷᠪᠠᠳᠤᠭᠠᠷ ᠵᠦᠢᠯ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠡᠮᠴᠢᠯᠡᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡ ᠶᠢᠨ ᠠᠪᠤᠷᠠᠨ ᠲᠤᠰᠠᠯᠠᠬᠤ ᠵᠡᠷᠭᠡ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠤᠷᠪᠢᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠬᠤᠲᠠ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠢ ᠪᠠᠷ ᠲᠣᠬᠢᠷᠠᠭᠤᠯᠬᠤ ᠪᠠ ᠣᠷᠣᠨ ᠪᠦᠰᠡ ᠳᠤ ᠲᠣᠬᠢᠷᠠᠭᠤᠯᠤᠨ ᠲᠡᠩᠴᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠵᠦ᠂ ᠪᠡᠯᠡ ᠴᠤᠭᠯᠠᠭᠤᠯᠬᠤ ᠬᠢᠷᠢ ᠲᠦᠪᠰᠢᠨ  ᠯᠦᠭᠡ ᠵᠣᠬᠢᠴᠠᠯᠳᠤᠭᠰᠠᠨ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃      ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠥᠯᠥᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠪᠥᠬᠦ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠠᠴᠠ ᠲᠥᠯᠥᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃      ︵ᠵᠢᠷᠭᠤᠭ᠎ᠠ︶ ᠪᠥᠬᠦ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠳᠣᠯᠤᠭ᠎ᠠ︶ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠣᠯᠣᠨ ᠲᠥᠯᠥᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠣᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ ᠬᠠᠮᠢᠶᠠᠷᠤᠯᠲᠠ ᠬᠢᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃     ︵ᠶᠢᠰᠦ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠨᠢᠭᠡ︶ ᠡᠷᠬᠡ ᠲᠤᠰᠢᠶᠠᠯ ᠤᠨ ᠬᠤᠪᠢᠷᠠᠯᠲᠠ᠃ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢᠭᠡᠳᠦᠯᠲᠡᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ︽ᠭᠤᠷᠪᠠᠨ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃      ︵ᠠᠷᠪᠠᠨ ᠬᠤᠶᠠᠷ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠷᠢᠯᠴᠠᠵᠤ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠳᠥᠷᠪᠡᠳᠦᠭᠡᠷ ᠵᠦᠢᠯ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠬᠥᠬᠡᠬᠤᠲᠠ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃      ︵ᠬᠤᠶᠠᠷ︶ ᠬᠠᠷᠠᠭᠠᠯᠵᠠᠯ ᠤᠨ ᠪᠠᠲᠤᠯᠠᠭ᠎ᠠ ᠶᠢᠨ ᠰᠠᠯᠠᠭ᠎ᠠ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠤᠯᠠᠨ ᠲᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ ᠪᠠ ᠲᠥᠯᠥᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ ᠲᠤ ᠵᠥᠪᠰᠢᠶᠡᠷᠡᠨ ᠣᠷᠣᠬᠤ ᠬᠡᠯᠡᠯᠴᠡᠭᠡ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠵᠥᠪᠯᠡᠯᠴᠡᠭᠡᠷ ᠪᠣᠯᠣᠨ ᠲᠥᠯᠥᠬᠦ ᠬᠠᠮᠢᠶᠠᠷᠤᠯᠲᠠ᠂ ᠣᠨᠳᠣᠣ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠠᠷᠭ᠎ᠠ ᠪᠣᠯᠣᠨ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠮᠡᠷᠭᠡᠵᠢᠯ ᠤᠨ ᠠᠵᠤ ᠠᠬᠤᠢ ᠶᠢᠨ ᠴᠢᠨᠠᠷᠲᠠᠢ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠳᠥᠷᠪᠡ︶ ᠡᠮ ᠤᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠰᠠᠯᠠᠭ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠤᠲᠠ ᠶᠢᠨ ᠬᠢ ᠶᠢ ᠵᠣᠬᠢᠶᠠᠨ ᠪᠠᠶᠢᠭᠤᠯᠤᠨ ᠲᠣᠭᠲᠠᠭᠠᠵᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠬᠤ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠲᠥᠯᠥᠪᠵᠢᠭᠦᠯᠭᠡ ᠡᠳ᠋ ᠤᠨ ᠶᠠᠪᠤᠳᠠᠯ ᠪᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠃ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠲᠣᠭᠲᠠᠭᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃      ︵ᠵᠢᠷᠭᠤᠭ᠎ᠠ︶ ᠬᠢᠨᠠᠯᠲᠠ ᠪᠠᠶᠢᠴᠠᠭᠠᠯᠲᠠ ᠶᠢᠨ ᠰᠠᠯᠠᠭ᠎ᠠ᠃ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠬᠢᠨᠠᠨ ᠬᠠᠮᠢᠶᠠᠷᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠲᠤᠯᠤᠭ᠎ᠠ︶ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠶᠠᠪᠤᠳᠠᠯ ᠤᠨ ᠰᠠᠯᠠᠭ᠎ᠠ︶᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠪᠦᠯᠬᠦᠮ ᠨᠡᠶᠢᠲᠡ ᠵᠡᠷᠭᠡ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃      ᠲᠠᠪᠤᠳᠤᠭᠠᠷ ᠵᠦᠢᠯ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 20 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 14 ︵7 ᠵᠢᠩᠬᠢᠨᠢ ︵ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠢ ᠲᠤᠰᠢᠶᠠᠯᠲᠤ ᠳᠡᠳ᠋ ᠱᠦᠵᠢ 1 ᠬᠥᠮᠥᠨ ᠪᠠᠭᠲᠠᠨ᠎ᠠ︶ 7 ᠳᠡᠳ᠋ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ 1 ᠬᠥᠮᠥᠨ ᠪᠠᠭᠲᠠᠨ᠎ᠠ︶︶᠃      ᠵᠢᠷᠭᠤᠳᠤᠭᠠᠷ ᠵᠦᠢᠯ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠳᠣᠯᠣᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ 87 ᠨᠣᠮᠧᠷᠲᠤ ᠨᠠᠶᠢᠯᠦᠨ ᠠᠰᠠᠷ ᠤᠨ B ᠰᠠᠭᠤᠳᠠᠯ ᠤᠨ 6 ᠳᠠᠪᠬᠤᠷ ᠲᠤᠠᠵᠢᠯᠯᠠᠬᠤ ᠴᠠᠭ᠄ ᠦᠳᠡ ᠶᠢᠨ ᠡᠮᠦᠨ᠎ᠡ 9᠄ 00-12᠄ 00   ᠦᠳᠡ ᠶᠢᠨ ᠬᠤᠶᠢᠨ᠎ᠠ 1᠄ 30-5᠄ 00ᠤᠲᠠᠰᠤ᠄  0471-2386090ᠬᠠᠷᠢᠭᠤᠴᠠᠯᠭᠠᠲᠠᠨ᠄ ᠬᠠᠰᠴᠢᠯᠠᠭᠤ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ