ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠴᠠᠢ ᠽᠠᠨ ᠭᠥᠸᠧ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠦᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠃      ᠭᠤᠷᠪᠠᠳᠤᠭᠠᠷ ᠵᠦᠢᠯ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠥᠷᠨᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠠᠰᠠᠭᠤᠳᠠᠯ ᠢ ᠰᠤᠳᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃      ︵ᠬᠤᠶᠠᠷ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃      ︵ᠭᠤᠷᠪᠠ︶ ᠬᠤᠰᠢᠭᠤ ᠰᠢᠶᠠᠨ ᠲᠣᠭᠤᠷᠢᠭ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠤᠭᠤᠳᠴᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠳᠥᠷᠪᠡ︶ ᠪᠥᠬᠦ ᠬᠤᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠩᠰᠠ ᠡᠪᠬᠡᠮᠡᠯ ᠢ ᠪᠠᠶᠢᠭᠤᠯᠤᠨ ᠺᠠᠷᠲᠯᠠᠨ ᠳᠠᠩᠰᠠᠯᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠲᠠᠪᠤ︶ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠡ᠃      ︵ᠵᠢᠷᠭᠤᠭ᠎ᠠ︶ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ  ᠬᠢ ᠣᠯᠠᠨ ᠤᠯᠤᠰ ᠤᠨ ᠬᠤᠭᠤᠷᠣᠨᠳᠤᠬᠢ᠂ ᠤᠯᠤᠰ ᠤᠨ ᠳᠣᠲᠣᠭᠠᠳᠤ ᠶᠢᠨ᠂ ᠣᠷᠣᠨ ᠤ ᠳᠣᠲᠣᠷᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠳᠣᠯᠤᠭ᠎ᠠ︶ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠲᠥᠷᠥ ᠶᠢᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠵᠣᠬᠢᠴᠠᠭᠤᠯᠤᠨ ᠬᠠᠷᠢᠯᠴᠠᠵᠤ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠤᠨ᠎ᠠ᠃      ︵ᠨᠠᠢᠮᠠ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠰᠢᠮᠳᠠᠭᠤᠯᠵᠤ ᠪᠠᠶᠢᠴᠠᠭᠠᠬᠤ ᠪᠠ ᠰᠢᠯᠭᠠᠨ ᠬᠢᠨᠠᠬᠤ ᠠᠵᠢᠯ ᠢ ᠰᠠᠶᠢᠲᠤᠷ ᠬᠢᠨ᠎ᠡ᠃      ︵ᠶᠢᠰᠦ︶ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃      ︵ᠠᠷᠪᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠣᠰᠣᠭᠠᠷ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠨ᠎ᠠ᠄      ︵ᠨᠢᠭᠡ︶ ᠶᠡᠷᠦᠩᠬᠡᠶᠢᠯᠡᠭᠰᠡᠨ ᠰᠠᠯᠠᠭ᠎ᠠ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠶᠡᠷᠦᠩᠬᠡᠶᠢᠯᠡᠭᠰᠡᠨ ᠡᠬᠡ ᠪᠢᠴᠢᠭ ᠢ ᠲᠤᠭᠤᠷᠪᠢᠬᠤ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠠᠰᠠᠭ ᠤᠨ ᠶᠠᠪᠤᠳᠠᠯ ᠢ ᠢᠯᠡ ᠪᠣᠯᠭᠠᠬᠤ᠂ ᠤᠬᠠᠭᠤᠯᠭ᠎ᠠ᠂ ᠮᠡᠳᠡᠭᠡ ᠵᠠᠩᠭᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠳᠣᠲᠣᠮ ᠤᠨ ᠠᠵᠢᠯ ᠢ ᠡᠭᠦᠷᠭᠡᠯᠡᠨ᠎ᠡ᠃      ︵ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠦᠷᠦ ᠶᠢᠨ ᠪᠣᠳᠣᠯᠭ᠎ᠠ ᠪᠠ ᠴᠢᠬᠤᠯᠠ ᠠᠰᠠᠭᠤᠳᠠᠯ ᠢ ᠰᠤᠳᠤᠯᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠢ ᠲᠣᠭᠤᠷᠪᠢᠵᠤ᠂ ᠬᠠᠤᠯᠢ ᠪᠠᠷ ᠵᠠᠰᠠᠬᠤ ᠤᠬᠠᠭᠤᠯᠭ᠎ᠠ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠨ᠎ᠡ᠃ ᠤᠶᠤᠨ ᠢ ᠲᠡᠳᠬᠦᠬᠦ᠂ ᠵᠣᠷᠢᠭ ᠢ ᠲᠡᠳᠬᠦᠬᠦ ᠠᠵᠢᠯ ᠢ ᠵᠣᠬᠢᠴᠠᠭᠤᠯᠤᠨ ᠵᠢᠯᠤᠭᠤᠳᠴᠤ ᠠᠬᠢᠭᠤᠯᠤᠨ᠎ᠠ᠃ ᠪᠥᠬᠦ ᠤᠯᠤᠰ ᠤᠨ ︽ᠶᠠᠳᠠᠭᠤ ᠶᠢ ᠲᠡᠳᠬᠦᠬᠦ ᠡᠳᠦᠷ︾ ᠤᠨ ᠠᠵᠢᠯᠯᠠᠭ᠎ᠠ ᠶᠢ ᠲᠦᠷᠦᠭᠦᠯᠡᠨ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠵᠦᠢᠯᠡᠰ ᠢ ᠬᠦᠯᠢᠶᠡᠨ ᠠᠪᠴᠤ ᠰᠢᠮᠳᠠᠭᠤᠯᠤᠨ ᠰᠢᠢᠳᠪᠦᠷᠢᠯᠡᠬᠦ ᠪᠠ ︽12317︾ ᠲᠠᠪᠴᠠᠩ ᠤᠨ ᠪᠠᠶᠢᠭᠤᠯᠤᠯᠲᠠ ᠵᠢᠴᠢ ᠠᠵᠢᠯᠯᠠᠭᠠᠨ ᠤ ᠠᠵᠢᠯ ᠢ ᠬᠠᠷᠢᠭᠤᠴᠠᠨ᠎ᠠ᠃      ︵ᠭᠤᠷᠪᠠ︶ ᠲᠥᠯᠦᠪᠵᠢᠭᠦᠯᠭᠡ ᠡᠳ᠋ ᠤᠨ ᠶᠠᠪᠤᠳᠠᠯ ᠤᠨ ᠰᠠᠯᠠᠭ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ᠂ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ ᠪᠠ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃      ︵ᠳᠥᠷᠪᠡ︶ ᠨᠡᠭᠡᠭᠡᠨ ᠬᠥᠭᠵᠢᠭᠦᠯᠵᠦ ᠵᠢᠯᠤᠭᠤᠳᠬᠤ ᠰᠠᠯᠠᠭ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠃ ᠶᠠᠳᠠᠭᠤ ᠬᠦᠴᠢᠷᠳᠡᠯᠲᠡᠢ ᠲᠣᠰᠬᠤᠨ ᠢ ᠳᠡᠭᠡᠭᠰᠢᠯᠡᠭᠦᠯᠬᠦ ᠪᠠ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠶᠠᠳᠠᠭᠤ ᠬᠦᠴᠢᠷᠳᠡᠯᠲᠡᠢ ᠲᠡᠳᠬᠦᠭᠦᠯᠬᠦ ᠡᠲᠡᠭᠡᠳ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ᠂ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢ ᠬᠢᠨᠠᠨ ᠰᠢᠨᠵᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠪᠥᠬᠦ ᠬᠤᠲᠠ ᠶᠢᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠡᠷᠡᠭᠯᠡᠭᠡᠨ ᠤ ᠮᠡᠷᠭᠡᠵᠢᠯ᠂ ᠰᠢᠯᠵᠢᠭᠦᠯᠦᠨ ᠠᠵᠢᠯ ᠣᠯᠭᠤᠬᠤ᠂ ᠴᠢᠨᠡᠭᠡᠯᠢᠭᠵᠢᠬᠦ ᠳᠤ ᠲᠦᠷᠦᠭᠦᠯᠡᠬᠦ ᠪᠣᠯᠪᠠᠰᠤᠷᠠᠭᠤᠯᠤᠯ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠵᠢᠯᠤᠭᠤᠳᠴᠤ᠂ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠲᠠᠢ ᠬᠠᠷᠢᠯᠴᠠᠨ᠎ᠠ᠃      ︵ᠲᠠᠪᠤ︶ ᠨᠡᠶᠢᠭᠡᠮ ᠤᠨ ᠶᠠᠳᠠᠭᠤ ᠶᠢ ᠲᠡᠳᠬᠦᠬᠦ ᠰᠠᠯᠠᠭ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠵᠣᠬᠢᠴᠠᠭᠤᠯᠬᠤ ᠪᠠ ᠬᠠᠮᠵᠢᠯᠴᠠᠨ᠎ᠠ᠃ ᠬᠤᠲᠠ ᠶᠢᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠵᠢᠴᠢ ᠬᠤᠲᠠ ᠶᠢᠨ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠵᠡᠷᠭᠡ ᠨᠢᠭᠡᠴᠢ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠬᠢᠴᠠᠭᠤᠯᠤᠨ ᠳᠠᠶᠢᠴᠢᠯᠠᠵᠤ ᠶᠠᠳᠠᠭᠤ ᠶᠢ ᠲᠡᠳᠬᠦᠬᠦ ᠠᠵᠢᠯ ᠳᠤ ᠣᠷᠣᠯᠴᠠᠭᠤᠯᠤᠨ᠎ᠠ᠃ ᠶᠠᠳᠠᠭᠤ ᠶᠢ ᠪᠠᠭᠠᠰᠬᠠᠬᠤ ᠬᠦᠷᠢᠶᠡᠨ ᠳᠠᠬᠢ ᠤᠯᠠᠨ ᠤᠯᠤᠰ ᠤᠨ ᠬᠤᠭᠤᠷᠣᠨᠳᠤᠬᠢ᠂ ᠤᠯᠤᠰ ᠤᠨ ᠳᠣᠲᠣᠭᠠᠳᠤ ᠶᠢᠨ ᠂ ᠣᠷᠣᠨ ᠤ ᠳᠣᠲᠣᠷᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠬᠤ ᠠᠩᠭᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠬᠤ ᠠᠩᠭᠢ ᠶᠢᠨ ᠠᠵᠢᠯ ᠳᠤ ᠬᠠᠮᠵᠢᠯᠴᠠᠨ᠎ᠠ᠃ ᠬᠤᠲᠠ ᠶᠢᠨ ᠡᠯ᠎ᠡ ᠬᠤᠰᠢᠭᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠨᠠᠨ ᠵᠢᠯᠤᠭᠤᠳᠬᠤ ᠳᠤᠭᠤᠶᠢᠯᠠᠩ ᠤᠨ ᠠᠵᠢᠯ ᠢ ᠵᠣᠬᠢᠴᠠᠭᠤᠯᠤᠨ ᠬᠠᠷᠢᠯᠴᠠᠨ᠎ᠠ᠃ ᠬᠤᠲᠠ ᠶᠢᠨ ᠨᠡᠶᠢᠭᠡᠮ ᠤᠨ ᠶᠠᠳᠠᠭᠤ ᠶᠢ ᠲᠡᠳᠬᠦᠬᠦ ᠶᠢ ᠠᠬᠢᠭᠤᠯᠬᠤ ᠨᠡᠶᠢᠭᠡᠮᠯᠢᠭ ᠤᠨ ᠠᠵᠢᠯ ᠲᠠᠢ ᠬᠠᠷᠢᠯᠴᠠᠨ᠎ᠠ᠃      ︵ᠵᠢᠷᠭᠤᠭ᠎ᠠ︶ ᠶᠠᠳᠠᠭᠤ ᠶᠢ ᠲᠡᠳᠬᠦᠬᠦ ᠬᠠᠮᠵᠢᠯᠴᠠᠭᠠᠨ ᠤ ᠰᠠᠯᠠᠭ᠎ᠠ᠃ ᠲᠥᠪ ᠤᠨ ᠲᠥᠷᠥ ᠶᠢᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠶᠢ ᠵᠣᠬᠢᠴᠠᠭᠤᠯᠤᠨ ᠬᠠᠷᠢᠯᠴᠠᠬᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠤᠯᠪᠣᠭᠳᠠᠯ ᠪᠦᠬᠦᠢ  ᠵᠣᠬᠢᠴᠠᠭᠤᠯᠤᠨ ᠬᠠᠷᠢᠯᠴᠠᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠴᠤ ᠰᠢᠯᠭᠠᠨ ᠬᠢᠨᠠᠬᠤ ᠠᠵᠢᠯ ᠢ ᠬᠠᠪᠰᠤᠷᠤᠨ ᠰᠠᠶᠢᠲᠤᠷ ᠬᠢᠨ᠎ᠡ᠃ ᠶᠡᠷᠦᠩᠬᠡᠶᠢᠯᠡᠭᠰᠡᠨ ᠰᠠᠯᠠᠭ᠎ᠠ ᠶᠢ ᠬᠠᠮᠵᠢᠨ ᠬᠤᠳᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠣᠳᠠᠲᠠᠢ ᠠᠵᠢᠯ ᠢ ᠬᠠᠷᠢᠭᠤᠴᠠᠨ᠎ᠠ᠃ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠠᠵᠢᠯ ᠤᠨ ᠠᠬᠢᠭᠤᠯᠬᠤ ᠳᠤᠭᠤᠶᠢᠯᠠᠩ ᠢ ᠵᠣᠬᠢᠴᠠᠭᠤᠯᠤᠨ᠎ᠠ᠃ ᠣᠷᠣᠨ ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠳᠠᠪᠤᠷᠢᠲᠠᠨ᠂ ᠪᠡᠯᠡ ᠮᠥᠩᠭᠦ᠂ ᠠᠵᠤ ᠦᠢᠯᠡᠰ᠂ ᠬᠥᠳᠡᠯᠮᠦᠷᠢ ᠦᠢᠯᠡᠴᠢᠯᠡᠭᠡ ᠵᠡᠷᠭᠡ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃      ︵ᠳᠣᠯᠤᠭ᠎ᠠ︶ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠰᠠᠯᠠᠭ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠳᠤ ᠬᠠᠮᠵᠢᠯᠴᠠᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠰᠢᠮᠳᠠᠭᠤᠯᠤᠨ ᠪᠠᠶᠢᠴᠠᠭᠠᠬᠤ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠦᠭᠦᠯᠡᠨ ᠥᠷᠨᠢᠭᠦᠯᠦᠨ᠎ᠡ᠃ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠶᠢ ᠰᠢᠯᠭᠠᠨ ᠬᠢᠨᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠶᠠᠳᠠᠭᠤ ᠬᠦᠴᠢᠷᠳᠡᠯ ᠲᠠᠢ ᠰᠢᠶᠠᠨ᠂ ᠶᠠᠳᠠᠭᠤ ᠬᠦᠴᠢᠷᠳᠡᠯ ᠲᠠᠢ ᠲᠣᠰᠬᠤᠨ ᠢ ᠤᠬᠤᠷᠢᠭᠤᠯᠤᠨ ᠭᠠᠷᠭᠠᠭᠰᠠᠨ ᠤ ᠳᠠᠷᠠᠭᠠᠬᠢ ᠠᠵᠢᠯ ᠢ ᠵᠢᠯᠣᠭᠤᠳᠤᠨ ᠥᠷᠨᠢᠭᠦᠯᠦᠨ᠎ᠡ᠃      ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ ︵ᠠᠵᠢᠯᠲᠠᠨ ᠤ ᠶᠠᠪᠤᠳᠠᠯ ᠤᠨ ᠰᠠᠯᠠᠭ᠎ᠠ︶᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ ᠴᠠᠯᠢᠩ ᠬᠥᠯᠥᠰᠦ ᠵᠡᠷᠭᠡ ᠠᠵᠢᠯ ᠢ ᠡᠭᠦᠷᠭᠡᠯᠡᠨ᠎ᠡ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ ᠬᠥᠬᠡᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 27 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3 ᠬᠥᠮᠥᠨ ᠢ ᠲᠣᠬᠢᠷᠠᠭᠤᠯᠤᠨ᠎ᠠ᠃ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 19 ︵9 ᠵᠢᠩᠬᠢᠨᠢ ︿ᠰᠢᠪᠠᠳᠠᠨ ᠪᠠᠶᠢᠴᠠᠭᠠᠭᠴᠢ᠂ ᠪᠠᠶᠢᠭᠤᠯᠭ᠎ᠠ ᠶᠢᠨ ᠶᠡᠷᠦᠩᠬᠡᠢ ᠡᠭᠦᠷ ᠤᠨ ᠲᠤᠰᠬᠠᠢ ᠲᠤᠰᠢᠶᠠᠯᠲᠤ ᠳᠡᠳ᠋ ᠱᠦᠵᠢ ᠲᠣᠰ ᠪᠦᠷᠢ 1 ᠬᠥᠮᠥᠨ ᠪᠠᠭᠲᠠᠨ᠎ᠠ﹀᠂ 10 ᠳᠡᠳ᠋︶᠃      ᠵᠢᠷᠭᠤᠳᠤᠭᠠᠷ ᠵᠦᠢᠯ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 80 ᠨᠣᠮᠧᠷᠲᠤ ︵ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠡᠰᠡᠷᠭᠦ ᠲᠠᠯ᠎ᠠ ᠳᠤ︶ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 13᠄ 30—17᠄ 00ᠤᠲᠠᠰᠤ᠄ 0471- 4608956ᠬᠠᠷᠢᠭᠤᠴᠠᠯᠭᠠᠲᠠᠨ᠄ ᠴᠠᠢ ᠵᠠᠨ ᠭᠥᠸᠧ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ