ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠲᠢᠶᠠᠨ ᠰᠢᠨ᠂ ᠡᠷᠡᠭᠲᠡᠢ᠂ ᠮᠣᠩᠭᠤᠯ ᠦᠨᠳᠦᠰᠦᠲᠡᠨ᠂ 1972 ᠣᠨ ᠤ 12 ᠳ᠋ᠤᠭᠠᠷ ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ︵ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠲᠠᠢ᠃ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠨᠢᠭᠡ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ      ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠣᠯᠣᠨ᠎ᠠ᠂ ᠵᠢᠩᠬᠢᠨᠢ ᠭᠠᠵᠠᠷ ᠤᠨ ᠲᠠᠰ ᠲᠠᠢ᠂ ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠰᠠ ᠶᠢ ᠲᠦᠷ ᠦᠯᠡᠳᠡᠭᠡᠨ᠎ᠡ᠃ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠳᠠᠬᠢ ᠨᠠᠮ ᠤᠨ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ᠃      ᠬᠤᠶᠠᠷ᠂ ᠳᠣᠲᠣᠭᠠᠳᠤ ᠶᠢᠨ ᠪᠠᠶᠢᠭᠤᠯᠤᠮᠵᠢ      ︵ᠨᠢᠭᠡ︶ ᠶᠡᠷᠦᠩᠬᠡᠶᠢᠯᠡᠭᠰᠡᠨ ᠰᠠᠯᠠᠭ᠎ᠠ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠵᠠᠰᠠᠭ ᠤᠨ ᠶᠠᠪᠤᠳᠠᠯ ᠢ ᠵᠣᠬᠢᠴᠠᠭᠤᠯᠬᠤ᠂ ᠠᠯᠪᠠᠨ ᠪᠢᠴᠢᠭ ᠢ ᠡᠷᠭᠢᠯᠳᠦᠭᠦᠯᠬᠦ ᠵᠢᠴᠢ ᠲᠣᠭᠲᠠᠭᠠᠨ ᠲᠠᠷᠬᠠᠭᠠᠬᠤ᠂ ᠶᠡᠷᠦᠩᠬᠡᠶᠢᠯᠡᠭᠰᠡᠨ ᠡᠬᠡ ᠪᠢᠴᠢᠭ ᠢ ᠲᠤᠭᠤᠷᠪᠢᠬᠤ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠬᠢᠬᠦ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ ᠢ ᠬᠠᠮᠢᠶᠠᠷᠬᠤ᠂ ᠲᠣᠭᠲᠠᠮᠠᠯ ᠬᠥᠷᠥᠩᠭᠡ ᠶᠢᠨ ᠪᠣᠳᠠᠲᠤ ᠪᠣᠳᠠᠰ ᠢ ᠬᠠᠮᠢᠶᠠᠷᠬᠤ᠂ ᠰᠢᠮᠳᠠᠭᠤᠯᠤᠨ ᠭᠦᠢᠴᠡᠳᠬᠡᠵᠦ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠳᠦᠷ ᠲᠤᠲᠤᠮ ᠤᠨ ᠮᠡᠳᠡᠭᠡ ᠵᠠᠩᠭᠢ ᠶᠢ ᠤᠬᠠᠭᠤᠯᠬᠤ ᠂ ᠡᠳᠦᠷ ᠲᠤᠲᠤᠮ ᠤᠨ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠨ ᠵᠠᠰᠠᠬᠤ᠂ ᠪᠠᠶᠢᠭᠤᠯᠭ᠎ᠠ ᠶᠢᠨ ᠬᠡᠷᠡᠭ ᠶᠠᠪᠤᠳᠠᠯ ᠵᠡᠷᠭᠡ ᠶᠢ ᠡᠭᠦᠷᠭᠡᠯᠡᠨ᠎ᠡ᠃      ︵ᠬᠤᠶᠠᠷ︶ ᠠᠵᠢᠯᠲᠠᠨ ᠤ ᠶᠠᠪᠤᠳᠠᠯ ᠡᠳ᠋ ᠤᠨ ᠶᠠᠪᠤᠳᠠᠯ ᠤᠨ ᠰᠠᠯᠠᠭ᠎ᠠ      ᠪᠠᠶᠢᠭᠤᠯᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠬᠠᠮᠢᠶᠠᠷᠤᠯᠲᠠ᠂ ᠴᠠᠯᠢᠩ ᠬᠥᠯᠥᠰᠦ᠂ ᠬᠥᠮᠦᠵᠢᠯ ᠪᠣᠯᠪᠠᠰᠤᠷᠠᠭᠤᠯᠤᠯ᠂ ᠪᠣᠳᠠᠲᠤ ᠠᠮᠵᠢᠯᠲᠠ ᠶᠢᠨ ᠬᠠᠷᠠᠯᠲᠠ ᠶᠢ ᠬᠢᠨᠠᠨ ᠰᠢᠯᠭᠠᠬᠤ ᠵᠢᠴᠢ ᠲᠤᠰᠬᠠᠢ ᠮᠡᠷᠭᠡᠵᠢᠯ ᠤᠨ ᠲᠤᠰᠢᠶᠠᠯ ᠢ ᠰᠢᠯᠭᠠᠨ ᠲᠣᠭᠲᠠᠭᠠᠵᠤ ᠤᠷᠢᠨ ᠬᠡᠷᠡᠭᠯᠡᠬᠦ ᠪᠠᠷ ᠮᠡᠳᠡᠭᠦᠯᠬᠦ ᠵᠡᠷᠭᠡ ᠠᠵᠢᠯ ᠢ ᠵᠢᠯᠣᠭᠤᠳᠤᠨ᠎ᠠ᠃      ︵ᠭᠤᠷᠪᠠ︶ ᠳᠠᠶᠢᠴᠢᠯᠠᠯᠲᠠ ᠶᠢᠨ ᠬᠠᠮᠢᠶᠠᠷᠤᠯᠲᠠ ᠪᠠ ᠵᠢᠷᠤᠮᠵᠢᠭᠤᠯᠤᠨ ᠪᠦᠲᠦᠭᠡᠨ ᠪᠠᠶᠢᠭᠤᠯᠬᠤ ᠰᠠᠯᠠᠭ᠎ᠠ      ︵ᠳᠥᠷᠪᠡ︶ ᠵᠢᠯᠣᠭᠤᠳᠤᠯᠭ᠎ᠠ ᠶᠢᠨ ᠬᠤᠯᠪᠣᠭᠠᠨ ᠤ ᠰᠠᠯᠠᠭ᠎ᠠ      ︵ᠲᠠᠪᠤ︶ ᠪᠠᠷᠢᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ      ︵ᠵᠢᠷᠭᠤᠭ᠎ᠠ︶ ᠴᠢᠬᠤᠯᠠ ᠬᠠᠷᠠᠯᠲᠠ ᠶᠢ ᠬᠠᠮᠠᠭᠠᠯᠠᠬᠤ ᠰᠠᠯᠠᠭ᠎ᠠ      ︵ᠲᠤᠯᠤᠭ᠎ᠠ︶ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ      ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ᠂ ᠰᠠᠬᠢᠯᠭ᠎ᠠ ᠪᠠᠲᠤ ᠪᠠᠶᠢᠴᠠᠭᠠᠬᠤ ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠬᠠᠷᠢᠭᠤᠴᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠤᠷᠠᠯ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ᠃      ︵ᠨᠠᠢᠮᠠ︶ ᠠᠵᠢᠯ ᠠᠴᠠ ᠰᠠᠯᠵᠤ ᠠᠮᠠᠷᠠᠭᠰᠠᠨ ᠬᠥᠮᠥᠰ ᠤᠨ ᠠᠵᠢᠯ ᠤᠨ ᠰᠠᠯᠠᠭ᠎ᠠ      ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠠᠵᠢᠯ ᠢ ᠬᠠᠷᠢᠭᠤᠴᠠᠵᠤ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠠᠵᠢᠯ ᠢ ᠵᠢᠯᠣᠭᠤᠳᠤᠨ᠎ᠠ᠃      ᠭᠤᠷᠪᠠ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ      ︵ᠨᠢᠭᠡ︶ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠥᠪ      ︵ᠬᠤᠶᠠᠷ︶ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ      ︵ᠭᠤᠷᠪᠠ︶ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠮᠡᠷᠭᠡᠵᠢᠯ ᠤᠨ ᠦᠢᠯᠡᠴᠢᠯᠡᠭᠡᠨ ᠤ ᠲᠥᠪᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠱᠤᠸᠠᠩ ᠶᠦᠩ ᠵᠡᠭᠡᠯᠢ ᠶᠢᠨ 5 ᠨᠣᠮᠧᠷᠲᠤᠠᠵᠢᠯᠯᠠᠬᠤ ᠴᠠᠭ᠄ ᠠᠵᠢᠯᠯᠠᠬᠤ ᠡᠳᠦᠷ ᠤᠨ 9:00-12 : 00᠂ 13᠄ 00-17᠄ 00ᠤᠲᠠᠰᠤ᠄ 0471-3386204ᠬᠠᠷᠢᠭᠤᠴᠠᠯᠭᠠᠲᠠᠨ᠄ ᠲᠢᠶᠠᠨ ᠰᠢᠨ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ