ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠴᠠᠢ ᠵᠠᠨ ᠭᠥᠸᠧ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 10 ᠳ᠋ᠤᠭᠠᠷ ᠰᠠᠷ᠎ᠠ ᠳᠤ ᠲᠥᠷᠥᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠬᠥᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠳᠤ ᠪᠤᠢ᠃ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠦᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠢ ᠬᠠᠮᠢᠶᠠᠷᠴᠤ ᠵᠣᠬᠢᠴᠠᠭᠤᠯᠤᠨ᠎ᠠ᠃      ᠭᠤᠷᠪᠠᠳᠤᠭᠠᠷ ᠵᠦᠢᠯ ᠬᠥᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄       ︵ᠨᠢᠭᠡ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠰᠡᠷᠭᠦᠭᠡᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠥᠳᠡᠯᠦᠩᠭᠦᠶ ᠬᠢᠨᠠᠨ ᠰᠢᠨᠵᠢᠬᠦ ᠪᠠ ᠦᠨᠡᠯᠡᠯᠲᠡ ᠬᠢᠨ᠎ᠡ᠃      ︵ᠬᠤᠶᠠᠷ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠶ᠂ ᠲᠠᠸᠠᠷ ᠤᠨ ᠣᠶ ᠶᠢ ᠪᠤᠶᠢᠵᠢᠭᠤᠯᠤᠨ ᠡᠵᠡᠩᠨᠡᠬᠦ ᠶᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ᠂ ᠡᠪᠡᠰᠦ ᠳᠠᠷᠢᠬᠤ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠪᠠ ᠣᠶ ᠰᠢᠭᠤᠶ ᠶᠢᠨ ᠬᠤᠲᠠ ᠰᠢᠶᠠᠩ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠵᠢᠴᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠤᠨ᠎ᠠ᠃ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ︵ᠭᠤᠷᠪᠠ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠶ ᠰᠢᠭᠤᠶ ᠶᠢᠨ ᠣᠭᠲᠣᠯᠬᠤ ᠬᠢᠵᠠᠭᠠᠷᠯᠠᠬᠤ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶᠢᠲᠤ ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠥᠬᠦ ᠬᠤᠲᠠ ᠶᠢᠨ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      ︵ᠲᠦᠷᠪᠡ︶ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠲᠥᠰᠦᠭᠡᠯᠡᠵᠦ ᠤᠷᠢᠳᠴᠢᠯᠠᠨ ᠮᠡᠳᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃      ︵ᠲᠠᠪᠤ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠣᠭᠤᠳᠴᠤ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠬᠦ᠂ ᠳᠠᠰᠬᠠᠨ ᠲᠡᠵᠢᠭᠡᠵᠦ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠵᠦ ᠠᠰᠢᠭᠯᠠᠬᠤ ᠶᠢ ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      ︵ᠵᠢᠷᠭᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠡᠰ ᠪᠣᠯᠤᠨ ᠬᠤᠲᠠ ᠶᠢᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠣᠯᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠯ᠎ᠡ ᠲᠥᠷᠥᠯ ᠤᠨ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠤᠨ ᠬᠤᠲᠠ ᠶᠢᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠬᠤ ᠶᠢᠨ ᠬᠠᠮᠲᠤ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠳᠤᠯᠤᠭ᠎ᠠ︶ ᠪᠥᠬᠦ ᠬᠤᠲᠠ ᠶᠢᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠣᠶ ᠮᠣᠳᠣᠨ ᠤ ᠦᠷ᠎ᠡ ᠪᠠ ᠡᠪᠡᠰᠦᠨ ᠤ ᠦᠷ᠎ᠡ ᠶᠢᠨ ᠤᠳᠤᠮᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠵᠤ᠂ ᠣᠶ ᠮᠣᠳᠣᠨ ᠤ ᠦᠷ᠎ᠡ ᠪᠠ ᠡᠪᠡᠰᠦᠨ ᠤ ᠦᠷ᠎ᠡ ᠡᠭᠦᠯᠳᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠡᠪᠡᠰᠦᠨ ᠤ ᠦᠷ᠎ᠡ ᠶᠢᠨ ᠤᠳᠤᠮᠯᠠᠯ ᠤᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠤᠳᠤᠮᠯᠠᠯ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯᠭᠦᠢ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ᠃      ︵ᠨᠠᠢᠮᠠ︶ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠪᠠ ᠠᠰᠢᠭᠯᠠᠯᠲᠠ᠂ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠭᠤᠯᠠᠨ ︵ᠡᠯᠡᠰᠦᠨ︶ ᠣᠷᠣᠨ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃      ︵ᠶᠢᠰᠦ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠭᠠᠯ ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢ ᠬᠠᠮᠢᠶᠠᠷᠬᠤ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠴᠢᠬᠤᠯᠠᠳᠠᠢ ᠦᠶ᠎ᠡ ᠳᠤ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠳᠤ ᠲᠡᠪᠰᠢᠬᠦᠯᠵᠤ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠤᠯᠤᠨ᠎ᠠ᠃      ︵ᠠᠷᠪᠠ︶ ᠪᠥᠬᠦ ᠬᠤᠲᠠ ᠶᠢᠨ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠬᠠᠮᠲᠤ ᠶᠢᠨ ᠣᠶ ᠰᠢᠭᠤᠶ ᠶᠢᠨ ᠡᠷᠬᠡ ᠶᠢᠨ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠢ ᠬᠥᠭᠵᠢᠭᠦᠯᠬᠦ ᠵᠢᠴᠢ ᠣᠶ ᠰᠢᠭᠤᠶ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠪᠠ ᠪᠠᠶᠢᠭᠠᠯᠢ ᠶᠢᠨ ᠣᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠬᠤᠶᠠᠷ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠭᠠᠳᠠᠭᠠᠳᠤ ᠳᠤ ᠬᠤᠯᠪᠣᠭᠳᠠᠬᠤ ᠭᠠᠳᠠᠭᠠᠳᠤ ᠶᠢ ᠲᠤᠰᠠᠯᠠᠬᠤ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠮᠡᠳᠡᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃      ︵ᠠᠷᠪᠠᠨ ᠭᠤᠷᠪᠠ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠶᠢᠨ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃      ︵ᠠᠷᠪᠠᠨ ᠳᠥᠷᠪᠡᠳᠦᠭᠡᠷ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠬᠤᠪᠢᠷᠠᠯᠲᠠ᠃ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠬᠤᠲᠠ ᠶᠢᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠎ᠠ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠴᠡᠪᠡᠷᠯᠡᠨ ᠵᠢᠷᠤᠮᠵᠢᠭᠤᠯᠬᠤ ᠪᠠ ᠨᠡᠶᠢᠯᠡᠭᠦᠯᠦᠨ ᠨᠢᠭᠡᠳᠬᠡᠬᠦ ᠶᠢ ᠨᠢᠭᠡᠳᠦᠯᠲᠡᠶ ᠠᠬᠢᠭᠤᠯᠤᠨ᠎ᠠ᠃      ︵ᠠᠷᠪᠠᠨ ᠳᠣᠯᠤᠭ᠎ᠠ︶ ᠲᠤᠰᠢᠶᠠᠯ ᠬᠠᠷᠢᠬᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠦᠢᠯᠡᠰ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃      ᠳᠥᠷᠪᠡᠳᠦᠭᠡᠷ ᠵᠦᠢᠯ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠰᠢᠮᠳᠠᠭᠤᠯᠤᠨ ᠪᠠᠶᠢᠴᠠᠭᠠᠬᠤ᠂ ᠵᠠᠬᠢᠳᠠᠯ ᠰᠤᠷᠪᠤᠯᠵᠢᠯᠠᠭ᠎ᠠ᠂ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ       ︵ᠬᠤᠶᠠᠷ︶ ᠠᠵᠢᠯᠲᠠᠨ ᠤ ᠰᠠᠯᠠᠭ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠠᠰᠠᠷᠠᠮᠵᠢ ᠪᠣᠯᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠨ ᠬᠥᠮᠥᠰ ᠤᠨ ᠠᠵᠢᠯ ᠢ ᠬᠠᠷᠢᠭᠤᠴᠠᠨ᠎ᠠ᠃      ︵ᠭᠤᠷᠪᠠ︶ ᠲᠥᠯᠥᠪᠯᠡᠭᠡ ᠡᠳ᠋ ᠤᠨ ᠶᠠᠪᠤᠳᠠᠯ ᠤᠨ ᠰᠠᠯᠠᠭ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠬᠠᠮᠵᠢᠯᠴᠠᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠪᠠᠯᠠ ᠮᠥᠩᠭᠦ ᠵᠢᠴᠢ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠪᠠ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠤᠨ᠎ᠠ᠃ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠪᠠᠭᠤᠯᠭᠠᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠪᠠ ᠬᠠᠮᠢᠶ᠎ᠠ ᠪᠦᠬᠦᠢ ᠠᠮᠢ ᠠᠬᠤᠢ ᠶᠢᠨ ᠨᠥᠬᠦᠪᠥᠷᠢ ᠶᠢᠨ ᠳᠦᠷᠢᠮ ᠢ ᠬᠡᠷᠡᠭᠵᠢᠭᠦᠯᠬᠦ ᠳᠤ ᠣᠷᠣᠯᠴᠠᠨ᠎ᠠ᠃ ᠭᠠᠳᠠᠭᠠᠳᠤ ᠶᠢ ᠲᠤᠰᠠᠯᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠭᠤᠶᠤᠴᠢᠯᠠᠨ ᠮᠡᠳᠡᠭᠦᠯᠬᠦ ᠶᠢᠨ ᠬᠠᠮᠲᠤ ᠵᠢᠯᠣᠭᠤᠳᠴᠤ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠳᠠᠭᠠᠳᠤ ᠶᠢ ᠲᠤᠰᠠᠯᠠᠬᠤ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠥᠷᠨᠢᠭᠦᠯᠦᠨ᠎ᠡ᠃ ᠰᠠᠯᠠᠭ᠎ᠠ ᠮᠥᠴᠢᠷ ᠤᠨ ᠲᠥᠰᠦᠪ᠂ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠬᠢᠨᠠᠨ ᠪᠤᠳᠤᠯᠲᠠ ᠶᠢᠨ ᠪᠠᠶᠢᠴᠠᠭᠠᠯᠲᠠ᠂ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠳ᠋ᠦᠩᠨᠡᠨ ᠪᠣᠳᠣᠬᠤ ᠬᠠᠮᠢᠶᠠᠷᠤᠯᠲᠠ ᠪᠠ ᠬᠠᠷᠢᠶ᠎ᠠ ᠨᠢᠭᠡᠴᠢ ᠶᠢᠨ ᠲᠥᠯᠥᠪᠯᠡᠭᠡ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠲᠦᠷᠪᠡ︶ ᠣᠶᠢᠵᠢᠭᠤᠯᠵᠤ ᠨᠣᠭᠤᠭᠠᠷᠠᠭᠤᠯᠬᠤ ᠰᠠᠯᠠᠭ᠎ᠠ᠃ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠡᠯᠡᠰᠦᠨ ᠴᠦᠯ ᠢ ᠪᠠᠶᠢᠴᠠᠭᠠᠬᠤ᠂ ᠬᠥᠳᠡᠯᠦᠩᠭᠦᠶ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ ᠣᠢ ᠰᠢᠭᠤᠶ ᠶᠢᠨ ᠭᠤᠣᠯᠳᠠᠯᠭ᠎ᠠ ᠲᠠᠢ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠷᠦᠩᠬᠡᠶᠢᠯᠡᠨ ᠬᠠᠮᠢᠶᠠᠷᠴᠤ᠂ ᠮᠣᠳᠣ ᠲᠠᠷᠢᠵᠤ ᠣᠶᠢᠵᠢᠭᠤᠯᠬᠤ᠂ ᠠᠭᠤᠯᠠ ᠤᠰᠤ ᠶᠢ ᠪᠢᠲᠡᠭᠦᠮᠵᠢᠯᠡᠬᠦ ᠶᠢ ᠵᠢᠯᠤᠭᠤᠳᠤᠨ᠎ᠠ᠃ ᠣᠶ ᠮᠣᠳᠣ ᠪᠤᠶᠢᠵᠢᠭᠤᠯᠬᠤ ᠪᠠ ᠡᠪᠡᠰᠦ ᠮᠣᠳᠣ ᠲᠠᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ ᠬᠥᠷᠥᠰᠥ ᠰᠢᠷᠣᠶ ᠶᠢᠨ ᠢᠳᠡᠭᠳᠡᠬᠦ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠣᠢ ᠰᠢᠭᠤᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠪᠠ ᠣᠢ ᠰᠢᠭᠤᠶ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠣᠷᠣᠨ ᠤ ᠲᠥᠪ ᠬᠤᠲᠠ ᠶᠢᠨ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠲᠠᠪᠤ︶ ᠣᠢ ᠰᠢᠬᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ᠃ ᠣᠶ ᠰᠢᠭᠤᠶ ᠶᠢᠨ ᠣᠭᠲᠣᠯᠬᠤ ᠬᠢᠵᠠᠭᠠᠷᠯᠠᠬᠤ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠣᠶ ᠰᠢᠭᠤᠶ ᠶᠢᠨ ᠡᠬᠢ ᠪᠠᠶᠠᠯᠢᠭ ᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ ᠬᠤᠲᠠ ᠶᠢᠨ ᠣᠢ ᠰᠢᠭᠤᠶ ᠶᠢᠨ ᠡᠬᠢ ᠪᠠᠶᠠᠯᠢᠭ ᠢ ᠬᠢᠨᠠᠨ ᠬᠠᠮᠢᠶᠠᠷᠤᠨ᠎ᠠ᠃ ᠣᠶ ᠰᠢᠭᠤᠶ ᠶᠢᠨ ᠭᠠᠵᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠶ ᠶᠢᠨ ᠡᠵᠡᠩᠨᠡᠯᠲᠡ ᠶᠢᠨ ᠲᠥᠯᠥᠪᠵᠢᠭᠦᠯᠭᠡ ᠪᠣᠯᠤᠨ ᠣᠶ ᠰᠢᠭᠤᠶ ᠶᠢᠨ ᠡᠵᠡᠩᠨᠡᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠣᠶ ᠶᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠣᠶ ᠮᠣᠳᠣ ᠶᠢ ᠭᠡᠷᠡᠴᠢ ᠪᠠᠷᠢᠮᠲᠠ ᠲᠠᠢ ᠣᠭᠲᠣᠯᠬᠤ᠂ ᠲᠡᠭᠡᠭᠡᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠨᠤᠲᠤᠭ ᠪᠡᠯᠴᠢᠭᠡᠷ ᠢ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠬᠢᠭᠡᠳ ᠵᠦᠶ ᠵᠣᠬᠢᠰᠲᠠᠶ ᠠᠰᠢᠭᠯᠠᠬᠤ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠰᠡᠯᠭᠦᠨ ᠮᠠᠯᠵᠢᠬᠤ ᠪᠠ ᠡᠭᠡᠯᠵᠢᠯᠡᠨ ᠮᠠᠯᠵᠢᠬᠤ ᠠᠵᠢᠯ ᠢ ᠵᠢᠯᠣᠭᠤᠳᠴᠤ᠂ ᠦᠨᠳᠦᠰᠦᠨ ᠨᠤᠲᠤᠭ ᠪᠡᠯᠴᠢᠭᠡᠷ ᠪᠠ ᠨᠤᠲᠤᠭ ᠪᠡᠯᠴᠢᠭᠡᠷ ᠤᠨ ᠴᠢᠳᠠᠮᠵᠢᠳᠣ ᠣᠷᠣᠨ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ ᠵᠢᠯᠣᠭᠤᠳᠴᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠨ ᠱᠠᠲᠤᠨ ᠤ ᠨᠤᠲᠤᠭ ᠪᠡᠯᠴᠢᠭᠡᠷ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ᠂ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠬᠢᠨᠠᠨ ᠬᠠᠮᠢᠶᠠᠷᠤᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠣᠢ ᠰᠢᠬᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠰᠠᠯᠠᠭ᠎ᠠ᠃ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠣᠶ ᠰᠢᠭᠤᠶ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ ᠬᠠᠮᠠᠭᠠᠯᠠᠨ᠎ᠠ᠃ ᠣᠶ ᠰᠢᠭᠤᠶ ᠶᠢ ᠰᠡᠷᠭᠡᠶᠢᠯᠡᠨ ᠬᠠᠮᠠᠭᠠᠯᠠᠬᠤ ᠪᠠ ᠣᠶ ᠰᠢᠭᠤᠶ ᠶᠢ ᠬᠠᠮᠠᠭᠠᠯᠠᠬᠤ ᠪᠠᠶᠢᠭᠤᠯᠤᠮᠵᠢ ᠶᠢᠨ ᠠᠵᠢᠯᠲᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠯ ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠴᠠᠭᠤᠯᠵᠤ᠂ ᠬᠤᠯᠪᠣᠭᠳᠠᠯ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠪᠠ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠴᠤ᠂ ᠦᠨᠳᠦᠰᠦᠨ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠬᠢᠭᠡᠳ ᠵᠦᠶ ᠵᠣᠬᠢᠰᠲᠠᠶ ᠠᠰᠢᠭᠯᠠᠬᠤ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠤᠯᠤᠭ᠎ᠠ︶ ᠪᠠᠶᠢᠭᠠᠯᠢ ᠶᠢᠨ ᠬᠠᠮᠠᠬᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ ᠨᠤᠭᠤ ᠭᠠᠵᠠᠷ᠂ ᠦᠵᠡᠮᠵᠢ ᠶᠢᠨ ᠣᠷᠣᠨ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠨ ᠬᠠᠮᠢᠶᠠᠷᠴᠤ᠂ ᠬᠠᠮᠠᠭᠠᠯᠠᠵᠤ ᠬᠥᠭᠵᠢᠭᠦᠯᠬᠦ ᠲᠥᠯᠥᠪᠵᠢᠭᠦᠯᠭᠡ ᠶᠢ ᠲᠤᠭᠤᠷᠪᠢᠵᠤ᠂ ᠰᠢᠨ᠎ᠡ ᠪᠠᠷ ᠪᠠᠶᠢᠭᠤᠯᠬᠤ᠂ ᠲᠣᠬᠢᠷᠠᠭᠤᠯᠵᠤ ᠬᠢᠨᠠᠨ ᠬᠠᠷᠭᠤᠭᠤᠯᠬᠤ ᠰᠠᠨᠠᠭᠤᠯᠭ᠎ᠠ ᠳᠤᠷᠠᠳᠤᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠶᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠠᠵᠢᠯ ᠪᠠ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ᠂ ᠠᠮᠢ ᠠᠬᠤᠶ ᠶᠢ ᠨᠥᠬᠦᠪᠥᠷᠢᠯᠡᠬᠦ ᠠᠵᠢᠯ ᠢ ᠵᠢᠯᠣᠭᠤᠳᠴᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠬᠤᠲᠠ ᠶᠢᠨ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ ᠪᠠ ᠡᠬᠢ ᠪᠠᠶᠠᠯᠢᠭ ᠤᠨ ᠪᠠᠶᠢᠳᠠᠯ ᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠢᠨᠠᠨ ᠬᠠᠮᠢᠶᠠᠷᠤᠨ᠎ᠠ᠃       ︵ᠨᠠᠢᠮᠠ︶ ᠤᠯᠤᠰ ᠤᠨ ᠥᠮᠴᠢᠯᠡᠯ ᠤᠨ ᠣᠢ ᠰᠢᠬᠤᠶ ᠶᠢᠨ ᠲᠠᠯᠠᠪᠠᠢ ᠪᠠ ᠦᠷ᠎ᠡ ᠴᠢᠬᠢ ᠶᠢᠨ ᠬᠠᠮᠢᠶᠠᠷᠤᠯᠲᠠ ᠶᠢᠨ ᠰᠠᠯᠠᠭ᠎ᠠ᠃ ᠤᠯᠤᠰ ᠤᠨ ᠥᠮᠴᠢᠯᠡᠯᠲᠦ ᠤᠢ ᠰᠢᠭᠤᠶ ᠶᠢᠨ ᠲᠠᠯᠠᠪᠠᠢ ᠶᠢᠨ ᠴᠢᠬᠢ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ᠃ ᠣᠶ ᠮᠣᠳᠣᠨ ᠤ ᠦᠷ᠎ᠡ᠂ ᠡᠪᠡᠰᠦᠨ ᠤ ᠦᠷ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠤᠳᠤᠮᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠤᠳᠤᠮᠯᠠᠯ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ᠂ ᠬᠢᠨᠠᠨ ᠲᠣᠭᠲᠠᠭᠠᠬᠤ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠶᠠᠪᠤᠳᠠᠯ ᠢ ᠵᠣᠬᠢᠶᠠᠨ ᠪᠠᠶᠢᠭᠤᠯᠵᠤ᠂ ᠣᠶ ᠮᠣᠳᠣᠨ ᠤ ᠦᠷ᠎ᠡ᠂ ᠡᠪᠡᠰᠦᠨ ᠤ ᠦᠷ᠎ᠡ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠰᠠᠶᠢᠨ ᠡᠭᠦᠯᠳᠡᠷ ᠤᠨ ᠰᠠᠭᠤᠷᠢᠨ ᠭᠠᠵᠠᠷ᠂ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠣᠶ ᠮᠣᠳᠣᠨ ᠤ ᠦᠷ᠎ᠡ ᠴᠢᠬᠢ᠂ ᠡᠪᠡᠰᠦᠨ ᠤ ᠦᠷ᠎ᠡ ᠶᠢᠨ ᠶᠠᠰᠤ ᠴᠢᠨᠠᠷ ᠪᠣᠯᠤᠨ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠳᠦᠰᠦᠨ ᠱᠠᠲᠤᠨ ᠤ ᠦᠷ᠎ᠡ ᠴᠢᠬᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃      ︵ᠶᠢᠰᠦ︶ ᠥᠭᠡᠷᠡᠴᠢᠯᠡᠯᠲᠡ ᠬᠥᠭᠵᠢᠯᠲᠡ ᠪᠠ ᠰᠢᠨᠵᠢᠯᠡᠬᠦ ᠤᠬᠠᠬᠠᠨ ᠮᠡᠷᠭᠡᠵᠢᠯ ᠤᠨ ᠰᠠᠯᠠᠭ᠎ᠠ᠃ ᠬᠠᠮᠲᠤ ᠶᠢᠨ ᠣᠶ ᠰᠢᠭᠤᠶ ᠶᠢᠨ ᠡᠷᠬᠡ ᠶᠢᠨ ᠳᠦᠷᠢᠮ ᠪᠣᠯᠤᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠣᠶ ᠮᠣᠳᠣ ᠪᠣᠯᠤᠨ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ᠂ ᠡᠷᠭᠢᠯᠳᠦᠭᠦᠯᠦᠨ ᠬᠠᠮᠢᠶᠠᠷᠬᠤ ᠶᠢ ᠵᠢᠯᠣᠭᠤᠳᠤᠨ᠎ᠠ᠃ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠮᠵᠢᠶ᠎ᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠬᠢᠨᠠᠨ ᠰᠢᠨᠵᠢᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ ᠢ ᠬᠡᠷᠡᠭᠵᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯᠭᠦᠢ ᠶᠢ ᠬᠢᠨᠠᠨ ᠬᠠᠮᠢᠶᠠᠷᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠢ ᠠᠵᠤ ᠦᠢᠯᠡᠰᠵᠢᠭᠦᠯᠦᠨ ᠬᠥᠭᠵᠢᠭᠦᠯᠬᠦ ᠲᠥᠯᠥᠪᠵᠢᠭᠦᠯᠭᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠠᠶᠤᠯᠭᠦᠶ ᠦᠢᠯᠡᠳᠪᠦᠷᠢᠯᠡᠯ ᠢ ᠵᠢᠯᠣᠭᠤᠳᠤᠨ᠎ᠠ᠃      ︵ᠠᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠠᠯᠠᠭ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠳᠤ ᠬᠢᠨᠠᠯᠲᠠ ᠲᠠᠯᠪᠢᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠯ ᠰᠡᠷᠭᠡᠶᠢᠯᠡᠬᠦ ᠪᠡᠯᠡᠳᠬᠡᠮᠵᠢ ᠪᠣᠯᠤᠨ ᠡᠩᠨᠡᠭᠡᠨ ᠤ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠪᠦᠯᠬᠦᠮ ᠨᠡᠶᠢᠲᠡ ᠵᠡᠷᠭᠡ ᠠᠵᠢᠯ ᠢ ᠬᠠᠷᠢᠭᠤᠴᠠᠨ᠎ᠠ᠃       ᠲᠠᠪᠤᠳᠤᠭᠠᠷ ᠵᠦᠢᠯ ᠬᠥᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 31 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 24 ︵14 ᠵᠢᠩᠬᠢᠨᠢ ︵ᠶᠡᠷᠦᠩᠬᠡᠢ ᠢᠨᠵᠧᠨᠧᠷ᠂ ᠶᠡᠷᠦᠩᠬᠡᠢ ᠠᠵᠤ ᠠᠬᠤᠶᠢᠴᠢ᠂ ᠬᠢᠨᠠᠯᠲᠠ ᠲᠠᠯᠪᠢᠬᠤ ᠲᠤᠰᠬᠠᠢ ᠲᠤᠰᠢᠶᠠᠯᠲᠠᠨ᠂ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ ᠲᠣᠰ ᠲᠣᠰ 1 ᠬᠥᠮᠥᠨ ᠪᠠᠭᠲᠠᠨ᠎ᠠ︶ 10 ᠳᠡᠳ᠋ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ 1 ᠬᠥᠮᠥᠨ ᠪᠠᠭᠲᠠᠨ᠎ᠠ︶᠃      ᠵᠢᠷᠭᠤᠳᠤᠭᠠᠷ ᠵᠦᠢᠯ ᠬᠥᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠬᠥᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠨᠠᠢᠮᠠᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠶᠢᠰᠦᠳᠦᠭᠡᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠰᠤᠲᠤ ᠤᠯᠤᠰ ᠤᠨ ᠣᠢ ᠰᠢᠭᠤᠢ ᠶᠢᠨ ᠴᠡᠴᠡᠷᠯᠢᠭ ᠳᠣᠲᠣᠷ᠎ᠠᠤᠲᠠᠰᠤ : 0471-6378802ᠠᠵᠢᠯᠯᠠᠬᠤ ᠴᠠᠭ᠄ ᠠᠵᠢᠯᠯᠠᠬᠤ ᠡᠳᠦᠷ ᠤᠨ 9:00-12:00   13:30-17:00ᠬᠠᠷᠢᠭᠤᠴᠠᠯᠭᠠᠲᠠᠨ᠄ ᠴᠠᠢ ᠵᠠᠨ ᠭᠥᠸᠧ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ