ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠼᠠᠢ ᠲᠢᠶᠧ ᠯᠧᠢ᠂ ᠡᠷᠡᠭᠲᠡᠢ᠂ ᠮᠠᠨᠵᠤ ᠦᠨᠳᠦᠰᠦᠲᠡᠨ᠂ 1973 ᠣᠨ ᠤ 12 ᠳ᠋ᠤᠭᠠᠷ ᠰᠠᠷ᠎ᠠ ᠳᠤ ᠲᠥᠷᠥᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠃ ᠲᠣᠪᠴᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠤ ᠠᠬᠤᠢ ᠬᠠᠤᠯᠢ ᠲᠣᠭᠲᠠᠭᠠᠯ ᠤᠨ ᠰᠠᠯᠠᠭ᠎ᠠ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ᠂ ᠬᠥᠯ ᠪᠥᠮᠪᠦᠭᠡ ᠶᠢᠨ ᠬᠥᠳᠡᠯᠭᠡᠭᠡᠨ ᠪᠣᠯᠣᠨ ᠨᠡᠶᠢᠭᠡᠮ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ᠪᠠᠶᠢᠭᠤᠯᠭ᠎ᠠ ᠶᠢᠨ ᠲᠠᠨᠢᠯᠴᠠᠭᠤᠯᠤᠭ᠎ᠠ᠄      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠪᠣᠯᠣᠨ᠎ᠠ᠃      ᠭᠤᠷᠪᠠᠳᠤᠭᠠᠷ ᠵᠦᠢᠯ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠪᠡᠶ᠎ᠡ ᠶᠢᠨ ᠲᠠᠮᠢᠷ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠪᠡᠶ᠎ᠡ ᠶᠢᠨ ᠲᠠᠮᠢᠷ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ᠂ ᠳᠦᠷᠢᠮ᠂ ᠠᠷᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠵᠤ᠂ ᠪᠡᠶ᠎ᠡ ᠶᠢᠨ ᠲᠠᠮᠢᠷ ᠤᠨ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠠᠨ ᠡᠰᠢᠴᠢᠯᠡᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃      ︵ᠭᠤᠷᠪᠠ︶ ᠪᠥᠬᠦ ᠬᠤᠲᠠ ᠶᠢᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠰᠢᠯᠭᠠᠬᠤ ᠪᠠ ᠨᠡᠶᠢᠭᠡᠮ ᠤᠨ ᠪᠡᠶ᠎ᠡ ᠶᠢᠨ ᠲᠠᠮᠢᠷ ᠢ ᠵᠢᠯᠤᠭᠤᠳᠬᠤ ᠠᠵᠢᠯ ᠤᠨ ᠡᠩᠨᠡᠭᠡ ᠶᠢᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠳᠥᠷᠪᠡ︶ ᠪᠥᠬᠦ ᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠢᠯᠣᠭᠤᠳᠤᠨ᠎ᠠ᠃ ᠲᠠᠮᠢᠷᠴᠢᠨ ᠤ ᠡᠩᠨᠡᠭᠡ ᠶᠢᠨ ᠪᠠᠶᠢᠭᠤᠯᠤᠯᠲᠠ ᠪᠠ ᠠᠵᠢᠯ ᠤᠨ ᠴᠢᠯᠦᠭᠡᠨ ᠤ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠳᠡᠯᠭᠡᠭᠡᠨ ᠪᠠ ᠬᠥᠭᠡᠷᠦᠯᠲᠡ ᠶᠢᠨ ᠡᠮ ᠢ ᠡᠰᠡᠷᠭᠦᠴᠡᠬᠦ ᠠᠵᠢᠯ ᠢ ᠬᠢᠨᠠᠨ ᠬᠠᠮᠢᠶᠠᠷᠤᠨ᠎ᠠ᠃      ︵ᠲᠠᠪᠤ︶ ᠣᠯᠠᠨ ᠤᠯᠤᠰ᠂ ᠤᠯᠤᠰ ᠤᠨ ᠳᠣᠲᠣᠭᠠᠳᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠲᠦᠷᠦᠭᠦᠯᠡᠨ ᠳᠠᠭᠠᠭᠠᠨ ᠡᠷᠭᠢᠯᠡᠵᠦ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠣᠯᠯᠠᠨ ᠡᠷᠬᠢᠯᠡᠨ᠎ᠡ᠃ ᠪᠦᠬᠦ ᠬᠤᠳᠠ ᠶᠢᠨ ᠴᠢᠨᠠᠷᠲᠠᠢ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠬᠠᠮᠢᠶᠠᠷᠤᠨ᠎ᠠ᠃ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠦᠨ᠎ᠡ᠃      ︵ᠵᠢᠷᠭᠤᠭ᠎ᠠ︶ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠣᠭᠤᠳᠤᠨ ᠠᠬᠢᠭᠤᠯᠤᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃      ︵ᠲᠤᠯᠤᠭ᠎ᠠ︶ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠠᠶᠢᠷᠢᠰᠢᠭᠤᠯᠤᠯ ᠢ ᠵᠢᠯᠣᠭᠤᠳᠤᠨ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠥᠮᠥᠵᠢᠭᠦᠯᠦᠨ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢ ᠬᠢᠨᠠᠨ ᠬᠠᠮᠢᠶᠠᠷᠴᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠨᠠᠢᠮᠠ︶ ᠪᠡᠶ᠎ᠡ ᠶᠢᠨ ᠲᠠᠮᠢᠷ ᠤᠨ ᠰᠣᠶᠣᠯ᠂ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠠᠶᠤᠯᠭᠦᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠥᠬᠦ ᠬᠤᠲᠠ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠠᠵᠢᠯ ᠢ ᠬᠠᠮᠢᠶᠠᠷᠤᠨ ᠵᠢᠯᠣᠭᠤᠳᠤᠨ᠎ᠠ᠃      ︵ᠶᠢᠰᠦ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠨᠢᠭᠡ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠡᠶ᠎ᠡ ᠶᠢᠨ ᠲᠠᠮᠢᠷ ᠤᠨ ᠠᠵᠢᠯ ᠤᠨ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠵᠦ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠦᠬᠦᠢ ᠵᠦᠢᠯᠡᠰ ᠤᠨ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃      ᠳᠥᠷᠪᠡᠳᠦᠭᠡᠷ ᠵᠦᠢᠯ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠴᠢᠬᠤᠯᠠ ᠶᠡᠭᠡ ᠵᠦᠢᠯ ᠢ ᠰᠤᠳᠤᠯᠤᠨ ᠲᠣᠭᠲᠠᠭᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠬᠤ᠂ ᠪᠢᠴᠢᠭ ᠮᠠᠲ᠋ᠧᠷᠢᠶᠠᠯ ᠲᠤᠭᠤᠷᠪᠢᠬᠤ᠂ ᠨᠠᠷᠢᠨ ᠪᠢᠴᠢᠭ ᠲᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠨᠢᠭᠤᠴᠠ ᠴᠢᠬᠤᠯᠠ ᠵᠦᠢᠯ ᠤᠨ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠡᠷᠦᠩᠬᠡᠢ᠂ ᠪᠡᠶ᠎ᠡ ᠶᠢᠨ ᠲᠠᠮᠢᠷ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ᠂ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ᠂ ᠪᠡᠶ᠎ᠡ ᠶᠢᠨ ᠲᠠᠮᠢᠷ ᠤᠨ ᠰᠣᠶᠣᠯ᠂ ᠤᠬᠠᠭᠤᠯᠭ᠎ᠠ ᠬᠥᠮᠦᠵᠢᠯ᠂ ᠰᠣᠨᠢᠨ ᠮᠡᠳᠡᠭᠡ ᠨᠡᠶᠢᠲᠡᠯᠡᠬᠦ᠂ ᠬᠤᠲᠠ ᠶᠢᠨ ᠱᠠᠲᠤᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠵᠡᠷᠭᠡ ᠠᠵᠢᠯ ᠢ ᠬᠠᠷᠢᠭᠤᠴᠠᠨ᠎ᠠ᠃      ︵ᠬᠤᠶᠠᠷ︶ ᠪᠡᠶ᠎ᠡ ᠶᠢᠨ ᠲᠠᠮᠢᠷ ᠤᠨ ᠠᠵᠤ ᠠᠬᠤᠢ ᠪᠠ ᠬᠠᠤᠯᠢ ᠲᠣᠭᠲᠠᠭᠠᠯ ᠤᠨ ᠰᠠᠯᠠᠭ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠠᠶᠢᠷᠢᠰᠢᠭᠤᠯᠤᠯ ᠢ ᠵᠢᠯᠣᠭᠤᠳᠤᠨ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ᠂ ᠤᠷᠤᠯᠳᠤᠭᠠᠨ ᠤ ᠲᠣᠭᠯᠠᠯᠲᠠ᠂ ᠪᠣᠯᠪᠠᠰᠤᠷᠠᠯ ᠤᠨ ᠦᠢᠯᠡᠴᠢᠯᠡᠭᠡ᠂ ᠮᠡᠷᠭᠡᠵᠢᠯ ᠤᠨ ᠮᠡᠳᠡᠭᠡ ᠵᠠᠩᠭᠢ ᠵᠡᠷᠭᠡ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠥᠮᠥᠵᠢᠭᠦᠯᠦᠨ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢ ᠬᠢᠨᠠᠨ ᠬᠠᠮᠢᠶᠠᠷᠴᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠪᠠ ᠰᠢᠭᠤᠳ ᠬᠠᠷᠢᠶ᠎ᠠ ᠨᠢᠭᠡᠴᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠢ ᠬᠠᠷᠢᠭᠤᠴᠠᠨ ᠬᠠᠮᠢᠶᠠᠷᠬᠤ ᠪᠥᠭᠡᠳ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠠᠵᠢᠯ ᠢ ᠬᠢᠨᠠᠵᠤ ᠵᠢᠯᠣᠭᠤᠳᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ᠂ ᠪᠡᠶ᠎ᠡ ᠶᠢᠨ ᠲᠠᠮᠢᠷ ᠤᠨ ᠦᠢᠯᠡᠰ᠂ ᠠᠵᠤ ᠦᠢᠯᠡᠰ ᠤᠨ ᠪᠦᠷᠢᠳᠬᠡᠯ ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ᠂ ᠳᠦᠷᠢᠮ᠂ ᠠᠷᠭ᠎ᠠ ᠶᠢ ᠰᠤᠳᠤᠯᠤᠨ ᠲᠣᠭᠲᠠᠭᠠᠵᠤ᠂ ᠪᠡᠶ᠎ᠡ ᠶᠢᠨ ᠲᠠᠮᠢᠷ ᠤᠨ ᠬᠠᠤᠯᠢ ᠳᠦᠷᠢᠮ ᠤᠨ ᠤᠬᠠᠭᠤᠯᠭ᠎ᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠡᠶ᠎ᠡ ᠶᠢᠨ ᠲᠠᠮᠢᠷ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠡᠭᠦᠷᠭᠡᠯᠡᠨ᠎ᠡ᠃      ︵ᠭᠤᠷᠪᠠ︶ ᠠᠵᠢᠯᠲᠠᠨ ᠤ ᠶᠠᠪᠤᠳᠠᠯ ᠤᠨ ᠰᠠᠯᠠᠭ᠎ᠠ᠃ ᠲᠣᠪᠴᠢᠶ᠎ᠠ ᠶᠢᠨ ᠪᠠᠶᠢᠭᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠯ ᠤᠨ ᠥᠭᠡᠷᠡᠴᠢᠯᠡᠯᠲᠡ᠂ ᠺᠠᠳ᠋ᠷ ᠤᠨ ᠬᠠᠮᠢᠶᠠᠷᠤᠯᠲᠠ᠂ ᠬᠥᠮᠦᠵᠢᠯ ᠪᠣᠯᠪᠠᠰᠤᠷᠠᠭᠤᠯᠤᠯ᠂ ᠡᠮ ᠡᠮᠨᠡᠯᠭᠡ ᠶᠢᠨ ᠪᠠᠲᠤᠯᠠᠭ᠎ᠠ᠂ ᠲᠤᠰᠬᠠᠢ ᠮᠡᠷᠭᠡᠵᠢᠯ ᠤᠨ ᠲᠤᠰᠢᠶᠠᠯ ᠤᠨ ᠰᠢᠯᠭᠠᠷᠠᠭᠤᠯᠤᠯᠲᠠ ᠪᠠ ᠤᠷᠢᠯᠭ᠎ᠠ ᠶᠢᠨ ᠮᠡᠳᠡᠭᠦᠯᠦᠯᠲᠡ ᠵᠡᠷᠭᠡ ᠠᠵᠢᠯ ᠢ ᠬᠠᠷᠢᠭᠤᠴᠠᠨ᠎ᠠ᠃ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠣᠳᠠᠲᠤ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃      ︵ᠳᠥᠷᠪᠡ︶ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠰᠠᠯᠠᠭ᠎ᠠ᠃ ᠪᠥᠬᠦ ᠬᠤᠲᠠ ᠶᠢᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠴᠤ᠂ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠢ ᠵᠢᠯᠤᠭᠤᠳᠬᠤ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠪᠡᠶ᠎ᠡ ᠶᠢᠨ ᠲᠠᠮᠢᠷ᠂ ᠠᠵᠤ ᠠᠬᠤᠶᠢᠯᠠᠯ ᠤᠨ ᠪᠡᠶ᠎ᠡ ᠶᠢᠨ ᠲᠠᠮᠢᠷ᠂ ᠪᠠᠶᠢᠭᠤᠯᠭ᠎ᠠ ᠶᠢᠨ ᠪᠡᠶ᠎ᠡ ᠶᠢᠨ ᠲᠠᠮᠢᠷ᠂ ᠬᠤᠳᠠ ᠶᠢᠨ ᠪᠡᠶ᠎ᠡ ᠶᠢᠨ ᠲᠠᠮᠢᠷ ᠵᠢᠴᠢ ᠪᠤᠰᠤᠳ ᠨᠡᠶᠢᠭᠡᠮ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠵᠢᠯᠤᠭᠤᠳᠬᠤ ᠪᠠ ᠬᠢᠨᠠᠨ ᠬᠠᠮᠢᠶᠠᠷᠴᠤ᠂ ᠤᠯᠠᠨ ᠡᠰᠢᠴᠢᠯᠡᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠠᠵᠢᠯ ᠳᠤ ᠬᠠᠮᠢᠶᠠᠷᠤᠯᠲᠠ ᠬᠢᠵᠦ ᠵᠢᠯᠣᠭᠤᠳᠤᠨ᠎ᠠ᠃ ᠪᠦᠬᠦ ᠬᠤᠲᠠ ᠶᠢᠨ ᠣᠯᠠᠨ ᠨᠡᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠵᠢᠯᠤᠭᠤᠳᠬᠤ ᠪᠠ ᠬᠠᠮᠢᠶᠠᠷᠴᠤ ᠬᠢᠨᠠᠯᠲᠠ ᠲᠠᠯᠪᠢᠨ᠎ᠠ       ︵ᠲᠠᠪᠤ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠠᠯᠠᠭ᠎ᠠ᠃ ᠪᠥᠬᠦ ᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠦᠪᠵᠢᠭᠦᠯᠭᠡ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠰᠤᠳᠤᠯᠤᠨ ᠲᠣᠭᠲᠠᠭᠠᠨ᠎ᠠ᠃ ᠪᠥᠬᠦ ᠬᠤᠲᠠ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠯᠦᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠡᠯᠡᠬᠡᠢ ᠶᠢᠨ᠂ ᠤᠯᠤᠰ ᠤᠨ ᠳᠣᠲᠣᠭᠠᠳᠤ ᠶᠢᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠲᠦᠷᠦᠭᠦᠯᠡᠨ ᠳᠠᠭᠠᠭᠠᠨ ᠡᠷᠭᠢᠯᠡᠵᠦ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠨ᠎ᠡ᠃ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠦᠬᠦ ᠬᠤᠲᠠ ᠶᠢᠨ ᠬᠢᠨᠠᠭᠴᠢ ᠶᠢᠨ ᠡᠩᠨᠡᠭᠡ ᠶᠢ ᠬᠠᠷᠢᠭᠤᠴᠠᠨ ᠬᠠᠮᠢᠶᠠᠷᠤᠨ᠎ᠠ᠃ ᠲᠠᠮᠢᠷᠴᠢᠨ ᠤ ᠡᠩᠨᠡᠭᠡ ᠶᠢᠨ ᠪᠠᠶᠢᠭᠤᠯᠤᠯᠲᠠ ᠪᠠ ᠠᠵᠢᠯ ᠤᠨ ᠴᠢᠯᠦᠭᠡᠨ ᠤ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠬᠥᠭᠡᠷᠦᠯᠲᠡ ᠶᠢᠨ ᠡᠮ ᠢ ᠡᠰᠡᠷᠭᠦᠴᠡᠬᠦ ᠠᠵᠢᠯ ᠢ ᠬᠢᠨᠠᠵᠤ ᠬᠠᠮᠢᠶᠠᠷᠤᠨ᠎ᠠ᠃      ︵ᠵᠢᠷᠭᠤᠭ᠎ᠠ︶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠠᠯᠠᠭ᠎ᠠ᠃ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠤᠷᠤᠯᠳᠤᠭᠠᠨ ᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠠᠵᠢᠯ ᠤᠨ ᠴᠢᠯᠦᠭᠡᠨ ᠤ ᠪᠣᠯᠪᠠᠰᠤᠷᠠᠯ ᠤᠨ ᠠᠵᠢᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠠᠮᠢᠶᠠᠷᠤᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠢᠯᠣᠭᠤᠳᠴᠤ ᠬᠢᠨᠠᠯᠲᠠ ᠲᠠᠯᠪᠢᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠡᠯ᠎ᠡ ᠱᠠᠲᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠤᠨ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠪᠦᠲᠦᠭᠡᠨ ᠪᠠᠶᠢᠭᠤᠯᠤᠯᠲᠠ ᠶᠢ ᠬᠢᠨᠠᠨ ᠵᠢᠯᠣᠭᠤᠳᠤᠨ᠎ᠠ᠃      ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠪᠦᠯᠬᠦᠮ ᠨᠡᠶᠢᠲᠡ ᠵᠡᠷᠭᠡ ᠠᠵᠢᠯ ᠢ ᠬᠠᠷᠢᠭᠤᠴᠠᠨ᠎ᠠ᠃      ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠠᠵᠢᠯ ᠤᠨ ᠰᠠᠯᠠᠭ᠎ᠠ᠃ ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 21 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 15 ︵8 ᠵᠢᠩᠬᠢᠨᠢ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠨ ᠤ ᠠᠵᠢᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶ 7 ᠳᠡᠳ᠋ ︵ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ ᠪᠠᠭᠲᠠᠨ᠎ᠠ︶᠃      ᠵᠢᠷᠭᠤᠳᠤᠭᠠᠷ ᠵᠦᠢᠯ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠶᠢᠰᠦᠳᠦᠭᠡᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠮᠣᠷᠢᠨ ᠤᠷᠤᠯᠳᠤᠭᠠᠨ ᠤ ᠲᠠᠯᠠᠪᠠᠢ ᠶᠢᠨ ᠬᠤᠶᠢᠲᠤ ᠵᠠᠮ ᠤᠨ 17 ᠨᠣᠮᠧᠷᠲᠤᠤᠲᠠᠰᠤ᠄ 0471-3318006ᠠᠵᠢᠯᠯᠠᠬᠤ ᠴᠠᠭ᠄ ᠠᠵᠢᠯᠯᠠᠬᠤ ᠡᠳᠦᠷ ᠤᠨ 9:00-12:00    1:30-5:00ᠬᠠᠷᠢᠭᠤᠴᠠᠯᠭᠠᠲᠠᠨ᠄ ᠼᠠᠢ ᠲᠢᠶᠧ ᠯᠧᠢ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ