ᠤᠳᠤᠷᠢᠳᠤᠯᠭ᠎ᠠ ᠶᠢᠨ ᠨᠠᠮᠲᠠᠷ᠄ | | ᠶᠦᠨ ᠴᠦᠨ ᠯᠧᠢ᠂ ᠡᠷᠡᠭᠲᠡᠢ᠂ ᠮᠣᠩᠭᠤᠯ ᠦᠨᠳᠦᠰᠦᠲᠡᠨ᠂ 1969 ᠣᠨ ᠤ 9 ᠳ᠋ᠦ᠋ᠭᠡᠷ ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠴᠢᠩ | ᠱᠦᠢ ᠾᠧ ᠰᠢᠶᠠᠨ ᠢᠶᠠᠷ ᠨᠤᠲᠤᠭᠲᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠠᠴᠠ ᠲᠡᠭᠦᠰᠴᠡᠢ᠃ 1997 ᠣᠨ ᠤ 6 ᠳ᠋ᠤᠭᠠᠷ ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠳᠤ ᠣᠷᠣᠵᠤ᠂ 1994 ᠣᠨ ᠤ 12 ᠳ᠋ᠤᠭᠠᠷ ᠰᠠᠷ᠎ᠠ ᠳᠤ ᠠᠵᠢᠯ ᠳᠤ ᠣᠷᠣᠵᠤ᠂ ᠤᠳᠤ ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ︵ᠬᠤᠳᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ︶ ᠶᠢᠨ ᠲᠤᠰᠢᠶᠠᠯ ᠲᠠᠢ᠃ ᠲᠣᠪᠴᠢᠶ᠎ᠠ ᠶᠢᠨ ᠪᠦᠬᠦ | ᠲᠠᠯ᠎ᠠ ᠶᠢᠨ ᠠᠵᠢᠯ ᠢ ᠡᠷᠬᠢᠯᠡᠨ᠎ᠡ᠃ | | | ᠪᠠᠶᠢᠭᠤᠯᠭ᠎ᠠ ᠶᠢᠨ ᠲᠠᠨᠢᠯᠴᠠᠭᠤᠯᠭ᠎ᠠ᠄ | | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ | ᠃ | ᠬᠤᠶᠠᠳᠤᠭᠠᠷ ᠵᠦᠢᠯ ᠬᠦᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠂ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠨ ᠪᠢᠴᠢᠵᠦ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ | ᠲᠣᠭᠲᠠᠭᠠᠨ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠢ᠂ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠪᠣᠶ ᠪᠣᠯᠭᠠᠨ᠎ᠠ᠃ | ︵ᠬᠤᠶᠠᠷ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ | ᠲᠦᠷᠦᠯ ᠤᠨ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠠ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠮᠡᠳᠡᠯ ᠤᠨ ᠬᠡᠪᠴᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ | ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ | ᠪᠠᠶᠢᠭᠤᠯᠬᠤ ᠪᠠ ᠵᠢᠯᠣᠭᠤᠳᠤᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠦᠲᠦᠭᠡᠨ ᠪᠠᠶᠢᠭᠤᠯᠬᠤ ᠶᠢ ᠵᠢᠯᠤᠭᠤᠳᠴᠤ᠂ ᠨᠢᠭᠡᠳᠦᠯᠲᠡᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠡᠷᠬᠡ ᠮᠡᠳᠡᠯ ᠶᠣᠰᠣᠭᠠᠷ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ | ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠳᠥᠷᠪᠡ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠳᠤ ᠬᠢᠨᠠᠯᠲᠠ ᠬᠠᠮᠢᠶᠠᠷᠤᠯᠲᠠ ᠬᠢᠨ᠎ᠡ᠃ ᠵᠠᠬ᠎ᠠ ᠳᠡᠯᠭᠡᠭᠦᠷ ᠤᠨ ᠡᠮᠬᠢ ᠵᠢᠷᠤᠮ ᠢ | ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ | ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ | ᠪᠤᠰᠤ ᠪᠠᠷ ᠥᠷᠢᠰᠦᠯᠳᠦᠬᠦ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠢ | ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡᠳᠦᠨ ᠪᠣᠷᠣᠯᠠᠭᠤᠯᠤᠭᠰᠠᠨ | ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠤᠭᠤᠳᠴᠤ ᠪᠠᠶᠢᠴᠠᠭᠠᠨ ᠰᠢᠢᠳᠪᠦᠷᠢᠯᠡᠨ᠎ᠡ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠤᠭᠤᠳᠴᠤ | ᠂ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠢ ᠪᠠᠷ ᠦᠢᠯᠡᠳᠪᠦᠷᠢᠯᠡᠵᠦ | ᠡᠵᠡᠩᠨᠡᠬᠦ ᠬᠠᠮᠢᠶ᠎ᠠ ᠪᠦᠬᠦᠢ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ | ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠲᠠᠪᠤ︶ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ᠂ ᠬᠤᠯᠪᠣᠭᠳᠠᠯ ᠪᠦᠬᠦᠢ | ᠭᠠᠭᠴᠠᠭᠠᠷ ᠡᠵᠡᠮᠰᠢᠬᠦ ᠶᠢ ᠡᠰᠡᠷᠭᠦᠴᠡᠬᠦ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠪᠡᠶᠡᠯᠡᠭᠦᠯᠦᠨ᠎ᠡ᠃ ᠥᠷᠢᠰᠦᠯᠳᠦᠭᠡᠨ ᠤ ᠲᠦᠷᠦ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ︵ᠵᠢᠷᠭᠤᠭ᠎ᠠ︶ ᠪᠥᠬᠦ ᠬᠤᠲᠠ ᠶᠢᠨ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ | ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠢ ᠲᠥᠯᠥᠪᠯᠡᠨ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠨ ᠬᠠᠮᠢᠶᠠᠷᠬᠤ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠶᠣᠰᠣᠭᠠᠷ ᠬᠦᠨᠳᠦ ᠶᠡᠭᠡ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠡᠷᠡᠮᠳᠡᠭ | ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠦᠢᠯᠡᠳᠬᠦᠨ ᠢ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠠᠵᠢᠯ ᠢ | ᠬᠢᠨᠠᠨ ᠬᠠᠮᠢᠶᠠᠷᠤᠨ᠎ᠠ᠃ | ︵ᠳᠣᠯᠤᠭ᠎ᠠ︶ ᠪᠥᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ | ᠶᠠᠰᠤ ᠴᠢᠨᠠᠷ ᠤᠨ ᠠᠶᠤᠯᠭᠦᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠪᠥᠬᠦ | ᠬᠤᠲᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠢ ᠨᠠᠶᠢᠷᠠᠭᠤᠯᠤᠨ ᠵᠣᠬᠢᠶᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢ ᠲᠠᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠶᠤᠯᠭᠦᠢ ᠶᠢ ᠮᠥᠷᠳᠡᠬᠦ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ | ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠨᠠᠢᠮᠠ︶ ᠪᠥᠬᠦ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ | ᠡᠨᠧᠷᠭᠢ ᠶᠢᠨ ᠬᠤᠷᠣᠭᠳᠠᠯ ᠶᠡᠬᠡᠲᠡᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠣᠨ ᠭᠦᠸᠧᠯᠦ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ︵ᠶᠢᠰᠦ︶ ᠪᠥᠬᠦ ᠬᠤᠲᠠ ᠶᠢᠨ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠶᠡᠷᠦᠩᠬᠡᠶᠢᠯᠡᠨ ᠵᠣᠬᠢᠴᠠᠭᠤᠯᠤᠨ᠎ᠠ᠃ ᠢᠳᠡᠭᠡᠨ ᠤ | ᠠᠶᠤᠯᠭᠦᠢ ᠶᠢᠨ ᠳᠦᠷᠢᠮ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠢᠳᠡᠭᠡᠨ ᠤ ᠠᠶᠤᠯᠭᠦᠢ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ | ᠠᠶᠤᠯᠭᠦᠢ ᠶᠢᠨ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠢᠳᠡᠭᠡᠨ ᠤ ᠠᠶᠤᠯᠭᠦᠢ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ | ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠ︶ ᠪᠥᠬᠦ ᠬᠤᠲᠠ ᠶᠢᠨ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ | ᠭᠦᠢᠯᠭᠡᠭᠡᠨ᠂ ᠬᠡᠷᠡᠭᠯᠡᠭᠡ ᠶᠢᠨ ᠪᠥᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ | ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠢᠳᠡᠭᠡᠨ ᠤ ᠠᠶᠤᠯᠭᠦᠢ ᠶᠢ ᠮᠥᠷᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠢᠳᠡᠭᠡᠨ ᠤ ᠠᠶᠤᠯᠭᠦᠢ ᠳᠤ | ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ | ᠲᠦᠭᠰᠢᠭᠦᠷᠢ ᠶᠢᠨ ᠲᠤᠷᠰᠢᠯᠭ᠎ᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠶᠤᠯᠭᠦᠢ ᠶᠢᠨ | ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠪᠥᠬᠦ ᠬᠤᠳᠠ ᠶᠢᠨ ᠬᠡᠮᠵᠢᠯᠲᠡ ᠶᠢᠨ ᠠᠵᠢᠯ ᠢ ᠨᠢᠭᠡᠳᠦᠯᠲᠡᠢ ᠬᠠᠮᠢᠶᠠᠷᠤᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ | ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢ | ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ | ᠂ ᠲᠡᠭᠦᠨ ᠳᠤ ᠬᠢᠨᠠᠯᠲᠠ ᠲᠠᠯᠪᠢᠨ᠎ᠠ᠃ | ︵ᠠᠷᠪᠠᠨ ᠬᠤᠶᠠᠷ︶ ᠪᠥᠬᠦ ᠬᠤᠲᠠ ᠶᠢᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠢ ᠬᠠᠮᠢᠶᠠᠷᠴᠤ ᠵᠢᠯᠣᠭᠤᠳᠤᠨ᠎ᠠ᠃ ᠣᠷᠣᠨ ᠨᠤᠲᠤᠭ ᠤᠨ | ᠪᠠᠷᠢᠮᠵᠢᠶ᠎ᠠ ᠶᠢᠨ ᠰᠡᠳᠦᠪ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ | ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ | ᠶᠣᠰᠣᠭᠠᠷ ᠵᠣᠬᠢᠴᠠᠭᠤᠯᠤᠨ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃ | ︵ᠠᠷᠪᠠᠨ ᠭᠤᠷᠪᠠ︶ ᠪᠥᠬᠦ ᠬᠤᠲᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠢ ᠬᠠᠮᠢᠶᠠᠷᠤᠨ᠎ᠠ᠃ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ | ᠵᠢᠷᠤᠮᠵᠢᠭᠤᠯᠤᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ | ᠲᠦᠷᠦᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠳᠥᠷᠪᠡ︶ ᠪᠥᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠢ ᠬᠠᠮᠢᠶᠠᠷᠴᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ | ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ | ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ | ᠬᠤᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠥᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠰᠬᠠᠢ ᠪᠡᠯᠡ ᠮᠥᠩᠭᠦ ᠳᠤ ᠬᠠᠮᠢᠶᠠᠷᠤᠯᠲᠠ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠬᠡᠷᠡᠭᠯᠡᠯᠲᠡ ᠶᠢ ᠲᠦᠷᠭᠡᠳᠬᠡᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠠᠮᠢᠶ᠎ᠠ ᠪᠦᠬᠦᠢ | ᠠᠵᠢᠯ ᠢ ᠥᠷᠨᠢᠭᠦᠯᠦᠨ᠎ᠡ᠃ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠶᠢ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠤᠭᠤᠳᠴᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠡᠷᠡᠮᠵᠢᠭᠦᠯᠦᠯ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠠᠷᠪᠠᠨ ᠳᠣᠯᠤᠭ᠎ᠠ︶ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ | ᠲᠤᠰᠬᠠᠢ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠪᠠ ᠡᠪᠯᠡᠯ ᠤᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠡᠮ ᠤᠨ ᠵᠦᠢᠯ ︵ᠮᠣᠩᠭᠤᠯ ᠡᠮ᠂ ᠬᠢᠲᠠᠳ ᠡᠮ ᠵᠡᠷᠭᠡ ᠦᠨᠳᠦᠰᠦᠲᠡᠨ ᠤ ᠡᠮ ᠢ ᠪᠠᠭᠲᠠᠭᠠᠨ᠎ᠠ᠂ ᠳᠣᠷᠣᠭᠰᠢ ᠠᠳᠠᠯᠢ︶᠂ | ᠡᠮᠴᠢᠯᠡᠭᠡᠨ ᠤ ᠪᠠᠭᠠᠵᠢ ᠬᠡᠷᠡᠭᠰᠡᠯ ᠪᠠ ᠭᠤᠶᠣᠯᠠᠯ ᠤᠨ ᠡᠳ᠋ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ | ᠲᠣᠭᠲᠠᠭᠠᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠷᠢ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠪᠠ ᠬᠡᠷᠡᠭᠯᠡᠵᠦ ᠬᠠᠮᠢᠶᠠᠷᠬᠤ ᠬᠠᠮᠢᠶ᠎ᠠ ᠪᠦᠬᠦᠢ ᠲᠣᠭᠲᠠᠭᠠᠯ ᠤᠨ ᠳᠦᠷᠢᠮ ᠵᠢᠴᠢ ᠭᠤᠶᠣᠯᠠᠯ ᠤᠨ ᠡᠳ᠋ ᠤᠨ ᠡᠵᠡᠩᠨᠡᠯᠲᠡ᠂ | ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮ ᠤᠨ ᠵᠦᠢᠯ ᠢ ᠲᠦᠷᠦᠯ ᠬᠤᠪᠢᠶᠠᠨ ᠬᠠᠮᠢᠶᠠᠷᠬᠤ ᠳᠦᠷᠢᠮ ᠢ ᠬᠢᠨᠠᠨ ᠬᠡᠷᠡᠭᠵᠢᠭᠦᠯᠦᠨ᠎ᠡ᠃ | ᠬᠤᠰᠢᠭᠤ ᠰᠢᠶᠠᠨ ᠲᠣᠭᠤᠷᠢᠭ ᠤᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠭᠤᠶᠣᠯᠠᠯ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ | ᠵᠣᠬᠢᠶᠠᠨ ᠪᠠᠶᠢᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠠᠰᠠᠭᠤᠳᠠᠯ ᠲᠠᠢ ᠦᠢᠯᠡᠳᠬᠦᠨ ᠢ ᠡᠭᠡᠭᠦᠯᠦᠨ ᠬᠤᠷᠢᠶᠠᠬᠤ ᠪᠠ ᠰᠢᠢᠳᠪᠦᠷᠢᠯᠡᠬᠦ ᠳᠦᠷᠢᠮ ᠢ | ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ | ᠬᠡᠷᠡᠭᠵᠢᠭᠦᠯᠦᠨ᠎ᠡ᠃ | ︵ᠬᠤᠷᠢᠨ ᠨᠢᠭᠡ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠣᠨ ᠭᠤᠶᠣᠯᠠᠯ ᠤᠨ ᠡᠳ᠋ ᠤᠨ ᠵᠠᠬ᠎ᠠ ᠳᠡᠯᠭᠡᠭᠦᠷ ᠲᠤ ᠭᠠᠷᠤᠭᠰᠠᠨ ᠤ | ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ | ᠪᠠ ᠭᠤᠶᠣᠯᠠᠯ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ | ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠣᠨ ᠭᠤᠶᠣᠯᠠᠯ ᠤᠨ ᠡᠳ᠋ ᠤᠨ ᠠᠶᠤᠯᠭᠦᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ | ᠬᠠᠤᠯᠢ ᠶᠣᠰᠣᠭᠠᠷ ᠡᠭᠦᠷᠭᠡᠯᠡᠨ᠎ᠡ᠃ | ︵ᠬᠤᠷᠢᠨ ᠬᠤᠶᠠᠷ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠬᠤᠷᠢᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠬᠤᠷᠢᠨ ᠳᠥᠷᠪᠡ︶ ᠲᠤᠰᠢᠶᠠᠯ ᠬᠠᠷᠢᠭᠤᠴᠠᠯᠭ᠎ᠠ ᠶᠢᠨ ᠬᠤᠪᠢᠷᠠᠯᠲᠠ | 1. ᠶᠠᠰᠤ ᠴᠢᠨᠠᠷ ᠤᠨ ᠳᠡᠭᠡᠭᠰᠢᠯᠡᠯᠲᠡ ᠶᠢ ᠶᠡᠬᠡᠪᠡᠷ ᠠᠬᠢᠭᠤᠯᠤᠨ᠎ᠠ᠃ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ | ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠂ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠠᠳᠡᠯ ᠢ | ᠠᠯᠪᠠᠳᠠᠯᠭ᠎ᠠ ᠪᠠᠷ ᠮᠡᠳᠡᠭᠦᠯᠬᠦ ᠳᠦᠷᠢᠮ ᠵᠢᠴᠢ ᠡᠵᠡᠩᠨᠡᠭᠴᠢ ᠶᠢᠨ ᠠᠩᠬ᠎ᠠ ᠠᠰᠠᠭᠤᠬᠤ ᠪᠠ ᠤᠷᠢᠳᠠᠪᠠᠷ ᠲᠥᠯᠥᠬᠦ ᠳᠦᠷᠢᠮ ᠢ ᠨᠠᠶᠢᠳᠠᠪᠤᠷᠢᠵᠢᠭᠤᠯᠵᠤ᠂ ᠭᠤᠷᠪᠠᠳᠠᠭᠢ | ᠡᠲᠡᠭᠡᠳ ᠤᠨ ᠶᠠᠰᠤ ᠴᠢᠨᠠᠷ ᠤᠨ ᠦᠨᠡᠯᠡᠯᠲᠡ ᠶᠢᠨ ᠰᠢᠨ᠎ᠡ ᠶᠢ ᠡᠭᠦᠳᠴᠦ᠂ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ ᠬᠢᠭᠡᠳ | ᠦᠢᠯᠡᠴᠢᠯᠡᠭᠡᠨ ᠤ ᠪᠠᠷᠢᠮᠵᠢᠶ᠎ᠠ ᠶᠢᠨ ᠥᠪᠡᠷ ᠤᠨ ᠢᠯᠡᠷᠬᠡᠶᠢᠯᠡᠯᠲᠡ ᠪᠠᠨ ᠢᠯᠡ ᠪᠣᠯᠭᠠᠬᠤ ᠪᠠ ᠬᠢᠨᠠᠯᠲᠠ ᠲᠠᠯᠪᠢᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠲᠡᠷᠢᠭᠦᠨ ᠤ ᠮᠡᠷᠭᠡᠵᠢᠯ ᠲᠠᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠪᠣᠶᠢᠵᠢᠭᠤᠯᠤᠨ ᠬᠥᠭᠵᠢᠭᠦᠯᠵᠦ᠂ ᠶᠠᠰᠤ ᠴᠢᠨᠠᠷ ᠤᠨ ᠰᠠᠭᠤᠷᠢ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | 2. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠢ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠬᠠᠷᠭᠤᠭᠤᠯᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠠᠴᠠ | ᠤᠬᠤᠷᠢᠨ ᠭᠠᠷᠬᠤ ᠵᠡᠷᠭᠡ ᠳᠦᠷᠢᠮ ᠳᠤ ᠥᠭᠡᠷᠡᠴᠢᠯᠡᠯᠲᠡ ᠬᠢᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠪᠠᠲᠤᠯᠠᠪᠤᠷᠢ ᠠᠪᠤᠭᠰᠠᠨ ᠤ ᠲᠠᠷᠠᠭ᠎ᠠ ᠦᠨᠡᠮᠯᠡᠯ ᠢ ᠬᠠᠰᠤᠬᠤ︾ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠴᠠᠭ ᠢ ᠪᠠᠭᠠᠰᠬᠠᠨ᠎ᠠ᠃ | ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠬᠤ ᠶᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ | ᠠᠬᠢᠭᠤᠯᠤᠨ᠎ᠠ᠃ | 3. ᠠᠶᠤᠯᠭᠦᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ | ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠤ ᠠᠶᠤᠯᠭᠦᠢ᠂ ᠠᠵᠤ | ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠶᠤᠯᠭᠦᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠠᠷᠠᠳ | ᠤᠯᠠᠨ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠬᠡᠷᠡᠭᠯᠡᠵᠦ᠂ ᠰᠠᠨᠠᠭ᠎ᠠ ᠠᠮᠤᠷ ᠢᠳᠡᠬᠦ ᠪᠣᠯᠭᠠᠨ᠎ᠠ᠃ | 4. ᠬᠡᠷᠡᠭ ᠤᠴᠢᠷ ᠤᠨ ᠳᠤᠮᠳᠠᠬᠢ ᠪᠠ ᠬᠡᠷᠡᠭ ᠤᠴᠢᠷ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ | ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠲᠦᠷᠭᠡᠨ ᠴᠡᠪᠡᠷᠯᠡᠨ ᠬᠦᠴᠦᠨ ᠦᠭᠡᠢ ᠪᠣᠯᠭᠠᠵᠤ᠂ | ᠭᠠᠭᠴᠠᠭᠠᠷ ᠡᠵᠡᠮᠰᠢᠯ ᠢ ᠡᠰᠡᠷᠭᠦᠴᠡᠬᠦ ᠪᠠᠶᠢᠴᠠᠭᠠᠯᠲᠠ ᠶᠢᠨ ᠠᠵᠢᠯ ᠳᠤ ᠬᠠᠮᠵᠢᠯᠴᠠᠬᠤ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠪᠠᠷ ᠦᠨᠳᠦᠰᠦ ᠪᠠᠷᠢᠮᠲᠠ ᠪᠣᠯᠭᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠰᠤᠭᠤᠴᠢᠨ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ | ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | 5. ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ᠂ ᠢᠳᠡᠭᠡᠨ ᠪᠠ ᠡᠮ ᠤᠨ ᠵᠦᠢᠯ ᠤᠨ ᠵᠠᠭᠠᠯᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ᠂ ᠦᠨ᠎ᠡ | ᠬᠠᠩᠰᠢ ᠶᠢᠨ ᠢᠯᠡᠴᠢᠯᠡᠨ ᠮᠡᠳᠡᠭᠦᠯᠬᠦ ᠲᠤᠰᠬᠠᠢ ᠤᠲᠠᠰᠤ ᠶᠢ ᠨᠡᠶᠢᠳᠬᠡᠬᠦ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ | ᠣᠷᠣᠬᠤ ᠠᠴᠠ ᠤᠬᠤᠷᠢᠨ ᠭᠠᠷᠬᠤ ᠬᠦᠷᠲᠡᠯᠡᠬᠢ ᠪᠥᠬᠦ ᠶᠠᠪᠤᠴᠠ ᠶᠢ ᠳᠥᠭᠦᠮᠴᠢᠯᠡᠬᠦ ᠶᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠲᠣᠮᠣ ᠳ᠋ᠠᠶᠢᠲ᠋ᠠ ᠶᠢ ᠬᠡᠷᠡᠭᠯᠡᠨ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠶᠢ ᠴᠢᠩᠭᠠᠳᠬᠠᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ | ᠡᠵᠡᠩᠨᠡᠯᠲᠡ ᠶᠢᠨ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠢᠳᠡᠪᠬᠢᠲᠡᠢ ᠦᠢᠯᠡᠴᠢᠯᠡᠵᠦ᠂ ᠪᠥᠬᠦᠳᠡ ᠣᠯᠠᠨ ᠢᠶᠠᠷ ᠢᠶᠠᠨ ᠠᠳᠠᠯ | ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | 6. ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ | ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠢ ᠲᠦᠷᠭᠡᠳᠬᠡᠨ ᠪᠠᠶᠢᠭᠤᠯᠵᠤ᠂ ᠪᠥᠬᠦ ᠪᠥᠮᠪᠥᠷᠴᠡᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠴᠤᠭᠯᠠᠭᠤᠯᠤᠨ | ᠂ ᠠᠵᠤ ᠦᠢᠯᠡᠰ ᠤᠨ ᠬᠦᠷᠢᠶ᠎ᠡ ᠴᠠᠷᠠᠭ᠎ᠠ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠵᠠᠮᠴᠢᠯᠠᠬᠤ ᠶᠢ ᠴᠢᠩᠭᠠᠳᠬᠠᠨ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠳᠤ ᠳᠥᠭᠦᠮ ᠳᠥᠲᠡ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠶᠢ ᠰᠦᠢᠳᠬᠡᠯ ᠬᠤᠷᠢᠶᠠᠬᠤ | ᠦᠭᠡᠢ ᠪᠤᠶᠤ ᠥᠪᠡᠷ ᠤᠨ ᠥᠷᠲᠡᠭ ᠢᠶᠠᠷ ᠳᠣᠣᠷ᠎ᠠ ᠴᠢᠯᠦᠭᠡᠲᠡᠢ ᠨᠡᠭᠡᠭᠡᠵᠦ᠂ ᠪᠥᠬᠦ ᠨᠡᠶᠢᠭᠡᠮ ᠤᠨ ᠲᠠᠸᠠᠷ ᠤᠨ ᠲᠡᠮᠳᠡᠭᠲᠦ ᠶᠢ ᠵᠠᠪᠳᠤᠨ ᠳᠠᠩᠰᠠᠯᠠᠭᠤᠯᠬᠤ᠂ | ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ | ᠲᠡᠮᠳᠡᠭᠲᠦ ᠶᠢ ᠳᠠᠩᠰᠠᠯᠠᠭᠤᠯᠬᠤ ᠪᠠ ᠲᠤᠰᠬᠠᠢ ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠷᠬᠡᠲᠦ ᠬᠥᠮᠥᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ᠃ | ︵ᠬᠤᠷᠢᠨ ᠲᠠᠪᠤ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ | 1. ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠤᠭ᠎ᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ | ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠡ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠠᠷᠤᠢ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠬᠤ ᠪᠤᠶᠤ ᠬᠡᠷᠡᠭ | ᠪᠣᠯᠭᠠᠨ ᠳᠠᠩᠰᠠᠯᠠᠬᠤ ᠦᠭᠡᠢ ᠭᠡᠰᠡᠨ ᠰᠢᠢᠳᠪᠦᠷᠢ ᠭᠠᠷᠭᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ᠂ ᠮᠠᠭᠠᠳᠯᠠᠨ ᠲᠣᠭᠲᠠᠭᠠᠬᠤ ᠵᠡᠷᠭᠡ ᠬᠠᠮᠵᠢᠯᠴᠠᠭ᠎ᠠ | ᠬᠢᠯᠭᠡᠬᠦ ᠪᠠᠷ ᠳᠡᠪᠰᠢᠭᠦᠯᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠵᠢᠯᠴᠠᠨ᠎ᠠ᠃ ᠬᠤᠳᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠶᠢ ᠵᠥᠷᠢᠴᠡᠭᠰᠡᠨ | ᠬᠤᠯᠪᠣᠭᠳᠠᠯ ᠪᠦᠬᠦᠢ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ | 2. ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠳᠠᠷᠢᠵᠤ ᠲᠡᠵᠢᠭᠡᠨ | ᠦᠷᠡᠵᠢᠭᠦᠯᠬᠦ ᠵᠠᠩᠭᠢᠯᠠᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ | ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ | ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ | ᠬᠠᠮᠢᠶᠠᠷᠤᠨ᠎ᠠ᠃ | ︵2︶ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ | ᠮᠠᠯ ᠵᠢᠭᠦᠷᠲᠡᠨ ᠢ ᠨᠢᠲᠤᠯᠬᠤ ᠭᠤᠭᠴᠤᠭ᠎ᠠ᠂ ᠲᠦᠭᠦᠬᠡᠢ ᠰᠢᠨ᠎ᠡ ᠰᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵3︶ ᠬᠤᠶᠠᠷ ᠰᠠᠯᠠᠭ᠎ᠠ ᠮᠥᠴᠢᠷ ᠢᠳᠡᠭᠡᠨ ᠤ ᠠᠶᠤᠯᠭᠦᠢ ᠶᠢᠨ ᠭᠠᠷᠤᠯᠲᠠ ᠶᠢᠨ ᠣᠷᠣᠨ ᠤ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠬᠤ ᠪᠠ ᠮᠥᠷᠳᠡᠬᠦ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠵᠣᠯᠭᠠᠭᠤᠯᠬᠤ ᠶᠢ ᠴᠢᠩᠭᠠᠳᠬᠠᠨ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ | 3. ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠶᠤᠯᠭᠦᠢ ᠶᠢᠨ | ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ | ᠢᠳᠡᠭᠡᠨ ᠤ ᠠᠶᠤᠯᠭᠦᠢ ᠶᠢᠨ ᠲᠦᠭᠰᠢᠭᠦᠷᠢ ᠶᠢᠨ ᠬᠢᠨᠠᠨ ᠬᠡᠮᠵᠢᠯᠲᠡ ᠪᠤᠶᠤ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠴᠠᠭ ᠳᠠᠷᠤᠢ ᠳᠤᠨᠢ ᠠᠮᠤᠷ | ᠲᠦᠪᠰᠢᠨ ᠪᠤᠰᠤ ᠭᠡᠰᠡᠨ ᠦᠷ᠎ᠡ ᠳ᠋ᠦᠩ ᠲᠠᠢ ᠢᠳᠡᠭᠡᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠠᠷᠤᠶᠢᠬᠠᠨ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠤᠳᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠪᠠᠶᠢᠴᠠᠭᠠᠨ | ᠰᠢᠯᠭᠠᠬᠤ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠳᠤ ᠲᠤ ᠴᠠᠭ ᠲᠤᠬᠠᠢ ᠳᠤᠨᠢ | ᠰᠠᠨᠠᠭᠤᠯᠭ᠎ᠠ ᠳᠤᠷᠠᠳᠬᠤ ᠬᠡᠷᠡᠭᠲᠡᠢ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠴᠢᠬᠤᠯᠠ ᠶᠡᠭᠡ ᠡᠮ ᠤᠨ ᠵᠦᠢᠯ ᠤᠨ | ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠠᠷᠢᠯᠴᠠᠨ ᠮᠡᠳᠡᠭᠡᠯᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ᠎ᠠ᠃ | 4. ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠯᠤᠭ᠎ᠠ ᠶᠢᠨ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠡᠷᠡᠭ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠨᠢ ᠠᠵᠤ ᠠᠬᠤᠢ ᠠᠷᠠᠯᠵᠢᠶ᠎ᠠ ᠯᠤᠭ᠎ᠠ ᠬᠤᠯᠪᠣᠭᠳᠠᠬᠤ ᠣᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠭᠠᠳᠠᠭᠠᠳᠤ ᠲᠠᠢ ᠬᠡᠯᠡᠯᠴᠡᠭᠡ ᠬᠢᠬᠦ᠂ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠬᠠᠮᠲᠤᠷᠠᠯᠴᠠᠭ᠎ᠠ ᠶᠢ ᠵᠥᠪᠳᠡᠯᠴᠡᠬᠦ ᠲᠣᠭᠲᠠᠴᠠ ᠵᠡᠷᠭᠡ | ᠠᠵᠢᠯ ᠢ ᠬᠠᠷᠢᠭᠤᠴᠠᠨ᠎ᠠ᠃ ︵2︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠬᠤᠳᠠᠯᠳᠤᠭᠠᠨ ᠤ ᠢᠲᠡᠭᠡᠮᠵᠢᠲᠦ ᠪᠣᠷᠤᠯᠠᠭᠤᠯᠭ᠎ᠠ ᠶᠢ ᠠᠬᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢ ᠬᠠᠷᠢᠭᠤᠴᠠᠨ᠎ᠠ᠃ ︵3︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠲᠠᠸᠠᠷ ᠢ ᠦᠢᠯᠡᠳᠴᠦ ᠪᠣᠷᠣᠯᠠᠭᠤᠯᠬᠤ ᠳᠤ ᠴᠣᠬᠢᠯᠲᠠ ᠥᠭᠬᠦ ᠵᠡᠷᠭᠡ ᠠᠵᠢᠯ ᠢ | ᠡᠭᠦᠷᠭᠡᠯᠡᠵᠦ᠂ ᠠᠷᠢᠬᠢᠨ ᠤ ᠵᠦᠢᠯ ᠤᠨ ᠢᠳᠡᠭᠡᠨ ᠤ ᠠᠶᠤᠯᠭᠦᠢ ᠶᠢ ᠬᠠᠷᠢᠭᠤᠴᠠᠨ᠎ᠠ᠃ ︵4︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ | ᠡᠮ ᠤᠨ ᠵᠦᠢᠯ ᠤᠨ ᠭᠦᠢᠯᠭᠡᠭᠡᠨ ᠤ ᠬᠦᠷᠢᠶ᠎ᠡ ᠬᠡᠪᠴᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠨ᠎ᠠ᠃ | ︵5︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ | ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠵᠦ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠡᠮ ᠤᠨ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | 5. ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠬ᠎ᠠ ᠳᠡᠯᠭᠡᠭᠦᠷ ᠤᠨ | ᠭᠠᠳᠠᠨᠠᠬᠢ ᠨᠡᠭᠦᠳᠡᠯ ᠳᠡᠯᠭᠡᠭᠦᠷᠴᠢᠨ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠵᠤ᠂ ᠵᠥᠪᠰᠢᠶᠡᠷᠡᠯ ᠦᠭᠡᠢ ᠪᠠᠷ ᠬᠤᠪᠢ ᠪᠠᠷ ᠢᠶᠠᠨ ᠪᠠᠶᠢᠭᠤᠯᠤᠭᠰᠠᠨ ᠨᠡᠭᠦᠳᠡᠯ | ᠡᠵᠡᠩᠨᠡᠯᠲᠡ ᠶᠢᠨ ᠳᠡᠯᠭᠡᠭᠦᠷᠴᠢᠨ ᠢ ᠬᠠᠤᠯᠢ ᠶᠣᠰᠣᠭᠠᠷ ᠴᠠᠭᠠᠵᠠᠯᠠᠨ᠎ᠠ᠃ ᠲᠣᠭᠲᠠᠭᠰᠠᠨ ᠵᠠᠬ᠎ᠠ ᠳᠡᠯᠭᠡᠭᠦᠷ ᠤᠨ ᠳᠡᠯᠭᠡᠭᠦᠷᠴᠢᠨ ᠤ ᠬᠢᠨᠠᠯᠲᠠ ᠬᠠᠮᠢᠶᠠᠷᠤᠯᠲᠠ ᠶᠢ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ᠃ | 6. ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ | ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠲᠠᠮᠠᠬᠠᠢ ᠬᠡᠢ ᠶᠢᠨ | ᠯᠣᠩᠬᠤ ᠶᠢ ᠵᠢᠷᠤᠭᠯᠠᠨ ᠲᠥᠯᠥᠪᠯᠡᠬᠦ᠂ ᠦᠢᠯᠡᠳᠬᠦ᠂ ᠳᠦᠭᠦᠷᠭᠡᠨ ᠤᠭᠰᠠᠷᠠᠬᠤ᠂ ᠬᠡᠷᠡᠭᠯᠡᠬᠦ ᠶᠢ ᠳᠠᠩᠰᠠᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ | ᠬᠡᠷᠡᠭᠯᠡᠭᠡᠨ ᠠᠴᠠ ᠭᠠᠷᠭᠠᠬᠤ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠪᠣᠯ ᠲᠣᠰ ᠬᠤᠲᠠ ᠶᠢᠨ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ | ᠪᠥᠬᠦ ᠬᠤᠲᠠ ᠶᠢᠨ ᠰᠢᠲᠠᠮᠠᠬᠠᠢ ᠬᠡᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ | ᠡᠵᠡᠩᠨᠡᠬᠦ ᠨᠢᠭᠡᠴᠢ ᠳᠤ ᠠᠶᠤᠯᠭᠦᠢ ᠶᠢᠨ ᠬᠠᠮᠢᠶᠠᠷᠤᠯᠲᠠ ᠬᠢᠵᠦ᠂ ᠰᠢᠲᠠᠮᠠᠬᠠᠢ ᠬᠡᠢ ᠶᠢᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠠᠮᠢᠶᠠᠷᠤᠯᠲᠠ ᠶᠢ ᠬᠠᠷᠢᠭᠤᠴᠠᠨ᠂ | ᠪᠥᠬᠦ ᠬᠤᠲᠠ ᠶᠢᠨ ᠰᠢᠲᠠᠮᠠᠬᠠᠢ ᠬᠡᠢ ᠶᠢᠨ ᠠᠵᠢᠯ ᠲᠥᠷᠥᠯ ᠤᠨ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠬᠢᠨᠠᠨ ᠪᠠᠶᠢᠴᠠᠭᠠᠨ᠎ᠠ᠃ | 7. ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠯᠦᠭᠡ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠯᠪᠣᠭᠳᠠᠯ ᠪᠦᠬᠦᠢ ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠶᠢᠨ ᠲᠤᠬᠠᠢ ᠲᠣᠭᠲᠠᠭᠠᠯ ᠶᠣᠰᠣᠭᠠᠷ ᠬᠤᠪᠢᠶᠠᠨ ᠬᠡᠷᠡᠭᠵᠢᠭᠦᠯᠦᠨ᠎ᠡ᠃ | 8. ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠯᠤᠭ᠎ᠠ ᠶᠢᠨ ᠲᠤᠰᠢᠶᠠᠯ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠬᠢᠨᠠᠨ ᠵᠥᠪᠰᠢᠶᠡᠷᠡᠬᠦ ᠪᠠ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠡᠷᠡᠭ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠵᠥᠪᠰᠢᠶᠡᠷᠡᠬᠦ ᠠᠴᠠ ᠭᠠᠳᠠᠨᠠᠬᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠠᠮᠢᠶ᠎ᠠ ᠪᠦᠬᠦᠢ ᠵᠦᠢᠯ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠳᠥᠷᠪᠡᠳᠦᠭᠡᠷ ᠵᠦᠢᠯ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ | ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠠᠯᠪᠠᠨ ᠪᠢᠴᠢᠭ ᠴᠠᠬᠢᠯᠭᠠᠨ ᠮᠡᠳᠡᠭᠡ᠂ ᠮᠡᠳᠡᠭᠡ | ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠲᠠᠩᠰᠠ ᠡᠪᠬᠡᠮᠡᠯ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠨ ᠵᠠᠰᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ | ᠬᠦᠨᠳᠦ ᠶᠡᠭᠡ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ | ᠃ | ︵ᠬᠤᠶᠠᠷ︶ ᠬᠠᠤᠯᠢ ᠲᠣᠭᠲᠠᠭᠠᠯ ᠤᠨ ᠰᠠᠯᠠᠭ᠎ᠠ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ | ᠬᠠᠮᠠᠭᠠᠯᠠᠯᠲᠠ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠤᠶᠢᠷᠢᠮ ᠲᠣᠭᠲᠠᠭᠠᠯ ᠤᠨ ᠲᠥᠰᠥᠯ ᠢ ᠵᠣᠬᠢᠶᠠᠨ ᠪᠠᠶᠢᠭᠤᠯᠵᠤ | ᠲᠤᠭᠤᠷᠪᠢᠨ ᠲᠣᠭᠲᠠᠭᠠᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠮᠡᠳᠡᠭᠦᠯᠦᠨ | ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ | ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ | ᠡᠭᠦᠷᠭᠡᠯᠡᠬᠦ ᠪᠤᠶᠤ ᠲᠡᠭᠦᠨ ᠳᠤ ᠣᠷᠣᠯᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ︽ᠬᠤᠶᠠᠷ ᠬᠠᠤᠯᠢ ᠶᠢ ᠵᠣᠯᠭᠠᠭᠤᠯᠬᠤ︾ ᠠᠵᠢᠯ ᠢ ᠡᠭᠦᠷᠭᠡᠯᠡᠨ᠎ᠡ᠃ | ︵ᠭᠤᠷᠪᠠ︶ ᠠᠵᠢᠯᠲᠠᠨ ᠤ ᠶᠠᠪᠤᠳᠠᠯ ᠤᠨ ᠰᠠᠯᠠᠭ᠎ᠠ᠃ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠬᠥᠯᠥᠰᠦ᠂ | ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | | ︵ᠳᠥᠷᠪᠡ︶ ᠡᠳ᠋ ᠤᠨ ᠶᠠᠪᠤᠳᠠᠯ ᠤᠨ ᠰᠠᠯᠠᠭ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠭᠠᠶᠢᠯᠢ ᠶᠢᠨ | ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠣᠳᠣᠯᠲᠠ᠂ ᠲᠣᠭᠲᠠᠮᠠᠯ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ ᠪᠠ ᠡᠯ᠎ᠡ ᠲᠦᠷᠦᠯ ᠤᠨ | ᠪᠡᠯᠡ ᠮᠥᠩᠭᠦ᠂ ᠲᠤᠰᠬᠠᠢ ᠬᠡᠷᠡᠭᠯᠡᠭᠡᠨ ᠤ ᠰᠠᠭᠤᠷᠢ ᠮᠥᠩᠭᠦ ᠵᠢᠴᠢ ᠦᠢᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ | ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠲᠣᠨᠤᠭ ᠲᠣᠨᠣᠭᠯᠠᠯ ᠲᠣᠬᠢᠷᠠᠭᠤᠯᠬᠤ ᠠᠵᠢᠯ ᠢ ᠵᠢᠯᠣᠭᠤᠳᠤᠨ᠎ᠠ᠃ | ︵ᠲᠠᠪᠤ︶ ᠶᠡᠷᠦᠩᠬᠡᠶᠢᠯᠡᠭᠰᠡᠨ ᠲᠥᠯᠦᠪᠵᠢᠭᠦᠯᠭᠡ ᠬᠢᠭᠡᠳ ᠰᠣᠨᠢᠨ ᠮᠡᠳᠡᠭᠡ ᠤᠬᠠᠭᠤᠯᠬᠤ ᠰᠠᠯᠠᠭ᠎ᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠰᠤᠳᠤᠯᠤᠯ ᠪᠠ ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠴᠢᠬᠤᠯᠠ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ᠂ ᠡᠬᠡ ᠪᠢᠴᠢᠭ ᠢ ᠲᠤᠭᠤᠷᠪᠢᠬᠤ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠵᠦ ᠵᠢᠯᠣᠭᠤᠳᠤᠨ᠎ᠠ᠃ ᠶᠠᠰᠤ ᠴᠢᠨᠠᠷ ᠤᠨ ᠠᠶᠤᠯᠭᠦᠢ᠂ ᠵᠠᠬ᠎ᠠ | ᠳᠡᠯᠭᠡᠭᠦᠷ ᠤᠨ ᠡᠮᠬᠢ ᠳᠢᠭᠯᠢᠮ᠂ ᠦᠢᠯᠡᠴᠢᠯᠡᠭᠡᠨ ᠤ ᠬᠥᠭᠵᠢᠯᠲᠡ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠲᠤᠭᠤᠷᠪᠢᠨ | ᠲᠣᠭᠲᠠᠭᠠᠵᠤ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠴᠢᠬᠤᠯᠠ | ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠪᠦᠷᠢᠳᠬᠡᠨ ᠳᠠᠩᠰᠠᠯᠠᠬᠤ ᠰᠠᠯᠠᠭ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠪᠦᠷᠢᠳᠬᠡᠨ ᠳᠠᠩᠰᠠᠯᠠᠬᠤ ᠪᠠ | ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠬᠤ ᠳᠦᠷᠢᠮ ᠤᠨ ᠠᠷᠭ᠎ᠠ ᠬᠡᠮᠵᠢᠶ᠎ᠡ ᠶᠢ ᠬᠠᠷᠢᠭᠤᠴᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠷᠢᠳᠬᠡᠨ | ᠳᠠᠩᠰᠠᠯᠠᠬᠤ ᠪᠥᠬᠦ ᠶᠠᠪᠤᠴᠠ ᠶᠢ ᠡᠯᠧᠺᠲᠷᠤᠨᠴᠢᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ | ᠵᠠᠳᠠᠯᠤᠨ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ | ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠶᠢᠨ ᠲᠠᠯ᠎ᠠ ᠪᠠᠷ ᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠬᠦ᠂ ᠰᠠᠯᠭᠠᠨ ᠥᠭᠬᠦ ᠵᠢᠴᠢ ᠦᠨᠡᠮᠯᠡᠯ ᠠᠪᠬᠤ ᠠᠵᠢᠯ ᠢ ᠵᠢᠯᠣᠭᠤᠳᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠬᠢᠨᠠᠨ ᠵᠥᠪᠰᠢᠶᠡᠷᠡᠬᠦ | ᠵᠦᠢᠯᠡᠰ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠳᠡᠭᠡᠳᠦ ᠱᠠᠲᠤᠨ ᠤ ᠪᠠᠶᠢᠭᠤᠯᠭ᠎ᠠ ᠠᠴᠠ ᠬᠢᠨᠠᠨ ᠵᠥᠪᠰᠢᠶᠡᠷᠡᠭᠦᠯᠬᠦ ᠴᠢᠬᠤᠯᠠᠲᠠᠢ | ᠵᠦᠢᠯᠡᠰ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠨ | ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠲᠡᠭᠦᠯᠳᠡᠷᠵᠢᠭᠦᠯᠬᠦ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ | ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠪᠣᠳᠠᠲᠠᠢ ᠠᠷᠭ᠎ᠠ ᠬᠡᠮᠵᠢᠶ᠎ᠡ᠂ ᠳᠦᠷᠢᠮ ᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠷᠢᠳᠬᠡᠨ ᠳᠠᠩᠰᠠᠯᠠᠬᠤ ᠠᠵᠢᠯᠯᠠᠭ᠎ᠠ ᠳᠤ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠲᠡᠭᠡᠮᠵᠢ ᠶᠢ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠶᠢ | ᠢᠯᠡ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ | ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠯᠲᠡ ᠬᠢᠭᠡᠳ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠡᠪ ᠤᠨ | ᠪᠤᠰᠤ ᠡᠵᠡᠩᠨᠡᠯᠲᠡ ᠶᠢᠨ ᠨᠡᠷᠡᠰ ᠪᠠ ︽ᠬᠠᠷ᠎ᠠ ᠨᠡᠷ᠎ᠡ ᠶᠢᠨ ᠲᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ᠂ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠶᠢ ᠵᠣᠬᠢᠴᠠᠭᠤᠯᠬᠤ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ | ᠮᠡᠳᠡᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ | ᠳᠦᠷᠢᠮ ᠢ ᠵᠢᠯᠣᠭᠤᠳᠤᠨ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠮᠯᠡᠯ ᠦᠭᠡᠢ ᠡᠵᠡᠩᠨᠡᠯᠲᠡ ᠶᠢ ᠪᠠᠶᠢᠴᠠᠭᠠᠨ | ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠳᠦᠷᠢᠮ ᠢ ᠵᠢᠯᠣᠭᠤᠳᠤᠨ ︽ | ᠬᠤᠶᠠᠷ ᠢ ᠰᠤᠭᠤᠴᠢᠨ ᠨᠢᠭᠡ ᠶᠢ ᠢᠯᠡ ᠪᠣᠯᠭᠠᠬᠤ︾ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠬᠡᠷᠡᠭᠯᠡᠭᠡᠨ ᠤ ᠣᠷᠴᠢᠨ ᠲᠣᠭᠤᠷᠢᠨ ᠤ ᠪᠠᠶᠢᠭᠤᠯᠤᠯᠲᠠ ᠶᠢᠨ ᠵᠢᠯᠤᠭᠤᠳᠬᠤ ᠰᠠᠯᠠᠭ᠎ᠠ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠤᠯᠪᠣᠭᠳᠠᠯ ᠪᠦᠬᠦᠢ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶᠡᠨ ᠳᠠᠬᠢ ᠡᠵᠡᠩᠨᠡᠯᠲᠡ ᠶᠢᠨ | ᠦᠶᠯᠡ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠡᠷᠡᠭᠯᠡᠭᠴᠢᠳ ᠤᠨ | ᠠᠰᠠᠭᠤᠨ ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠪᠠ ᠰᠦᠯᠵᠢᠶᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠵᠢᠯᠣᠭᠤᠳᠤᠨ᠎ᠠ᠃ ᠬᠡᠷᠡᠭᠯᠡᠭᠡᠨ ᠤ ᠣᠷᠴᠢᠨ ᠲᠣᠭᠤᠷᠢᠨ ᠤ ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠵᠢᠯᠣᠭᠤᠳᠤᠨ᠎ᠠ | ᠃ ᠬᠡᠷᠡᠭᠯᠡᠭᠴᠢᠳ ᠤᠨ ᠡᠷᠬᠡ ᠠᠰᠢᠭ ᠢ ᠵᠠᠰᠠᠭ ᠵᠠᠬᠢᠷᠭᠠᠨ ᠢᠶᠠᠷ ᠬᠠᠮᠠᠭᠠᠯᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠬᠤᠲᠠ ᠶᠢᠨ | ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ | ︵ᠶᠢᠰᠦ︶ ᠦᠨ᠎ᠡ ᠬᠠᠩᠰᠢ ᠶᠢ ᠬᠢᠨᠠᠨ ᠪᠠᠶᠢᠴᠠᠭᠠᠬᠤ ᠰᠠᠯᠠᠭ᠎ᠠ᠃ ᠦᠨ᠎ᠡ ᠬᠠᠩᠰᠢ ᠰᠦᠢᠳᠬᠡᠯ ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ | ᠬᠢᠬᠦ ᠬᠤᠯᠪᠣᠭᠳᠠᠯ ᠪᠦᠬᠦᠢ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ | ᠵᠢᠴᠢ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠵᠢᠯᠤᠭᠤᠳᠴᠤ ᠪᠠᠶᠢᠴᠠᠭᠠᠨ ᠰᠢᠢᠳᠪᠦᠷᠢᠯᠡᠨ᠎ᠡ᠃ | ︵ᠠᠷᠪᠠ︶ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠰᠠᠯᠠᠭ᠎ᠠ ︵ᠬᠥᠬᠡᠬᠤᠲᠠ ᠶᠢᠨ ᠰᠢᠭᠤᠳ ᠪᠣᠷᠣᠯᠠᠭᠤᠯᠬᠤ ᠶᠢ ᠵᠢᠷᠤᠮᠵᠢᠭᠤᠯᠬᠤ ᠪᠠ | ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠠᠯᠪᠠᠨ ᠭᠡᠷ︶᠃ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠤᠯᠪᠣᠭᠳᠠᠯ ᠪᠦᠬᠦᠢ ᠳᠦᠷᠢᠮ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠨᠠᠶᠢᠳᠠᠯᠭ᠎ᠠ ᠪᠠᠷ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ | ᠥᠷᠨᠢᠭᠦᠯᠵᠦ᠂ ᠡᠵᠡᠩᠨᠡᠭᠴᠢ ᠳᠤ ᠭᠠᠭᠴᠠᠭᠠᠷ ᠡᠵᠡᠮᠰᠢᠯ ᠢ ᠡᠰᠡᠷᠭᠦᠴᠡᠬᠦ ᠪᠠᠶᠢᠴᠠᠭᠠᠯᠲᠠ ᠵᠢᠴᠢ ᠪᠤᠰᠤᠳ ᠬᠤᠯᠪᠣᠭᠳᠠᠯ ᠪᠦᠬᠦᠢ ᠠᠵᠢᠯ ᠢ ᠲᠥᠪᠯᠡᠷᠡᠭᠦᠯᠦᠨ | ᠬᠢᠬᠦ ᠳᠤ ᠬᠠᠮᠵᠢᠯᠴᠠᠨ᠎ᠠ᠃ ᠵᠦᠢ ᠪᠤᠰᠤ ᠥᠷᠢᠰᠦᠯᠳᠦᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠪᠠ | ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠢ ᠡᠭᠦᠷᠭᠡᠯᠡᠨ᠎ᠡ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠰᠦᠯᠵᠢᠶᠡᠨ ᠳᠡᠭᠡᠷᠡᠬᠢ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ | ᠬᠤᠯᠪᠣᠭᠳᠠᠯ ᠪᠦᠬᠦᠢ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ | ᠰᠦᠯᠵᠢᠶᠡᠨ ᠤ ᠠᠷᠠᠯᠵᠢᠶᠠᠨ ᠤ ᠲᠠᠪᠴᠠᠩ ᠪᠠ ᠰᠦᠯᠵᠢᠶᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠦᠷᠦᠯ ᠤᠨ | ᠵᠠᠬ᠎ᠠ ᠳᠡᠯᠭᠡᠭᠦᠷ ᠤᠨ ᠡᠮᠬᠢ ᠵᠢᠷᠤᠮ᠂ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ ᠭᠡᠷ᠎ᠡ᠂ ᠦᠨ᠎ᠡ ᠬᠠᠶᠠᠵᠤ ᠬᠤᠳᠠᠯᠳᠤᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠥᠳᠡᠯᠬᠦ ᠬᠥᠷᠥᠩᠭᠡ ᠶᠢᠨ ᠪᠡᠷᠢᠴᠠᠭᠠᠨ ᠤ ᠡᠳ᠋ ᠤᠨ ᠳᠠᠩᠰᠠᠯᠠᠯᠲᠠ ᠶᠢ ᠬᠠᠮᠢᠶᠠᠷᠤᠨ᠎ᠠ᠃ | ︵ᠠᠷᠪᠠᠨ ᠬᠤᠶᠠᠷ︶ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ | ᠂ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠷ ᠮᠡᠳᠡᠭᠡ ᠶᠢᠨ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠬᠦ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ | ᠨᠡᠶᠢᠲᠡᠯᠡᠭᠰᠡᠨ ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠬᠡᠮᠵᠢᠨ᠎ᠡ᠃ ᠵᠠᠷ ᠮᠡᠳᠡᠭᠡ ᠡᠵᠡᠩᠨᠡᠬᠦ ᠬᠢᠷᠢ ᠬᠡᠮ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠵᠠᠷ | ᠮᠡᠳᠡᠭᠡ ᠡᠵᠡᠩᠨᠡᠬᠦ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠰᠢᠶᠡᠷᠡᠨ᠎ᠡ᠃ ᠵᠠᠷ ᠮᠡᠳᠡᠭᠡ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠮᠡᠳᠡᠭᠡ ᠶᠢᠨ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠪᠠ ᠨᠡᠶᠢᠲᠡ ᠶᠢᠨ ᠠᠰᠠᠷᠠᠮᠵᠢ ᠶᠢᠨ | ᠵᠠᠷ ᠮᠡᠳᠡᠭᠡ ᠶᠢᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ | ︵ᠠᠷᠪᠠᠨ ᠭᠤᠷᠪᠠ︶ ᠶᠠᠰᠤ ᠴᠢᠨᠠᠷ ᠤᠨ ᠬᠥᠭᠵᠢᠯᠲᠡ ᠶᠢᠨ ᠰᠠᠯᠠᠭ᠎ᠠ᠃ ᠪᠦᠬᠦ ᠬᠤᠲᠠ ᠶᠢᠨ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠲᠦᠯᠬᠢᠨ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ | ᠴᠢᠨᠠᠷ ᠤᠨ ᠰᠠᠭᠤᠷᠢ ᠪᠡᠯᠡᠳᠬᠡᠮᠵᠢ ᠶᠢᠨ ᠬᠠᠮᠵᠢᠯᠴᠠᠨ ᠦᠢᠯᠡᠴᠢᠯᠡᠬᠦ ᠵᠢᠴᠢ ᠬᠡᠷᠡᠭᠯᠡᠭᠡᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢ | ᠤᠷᠮᠠᠰᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠠᠳᠡᠯ ᠢ ᠠᠯᠪᠠᠳᠠᠯᠭ᠎ᠠ ᠪᠠᠷ ᠮᠡᠳᠡᠭᠦᠯᠬᠦ ᠳᠦᠷᠢᠮ᠂ ᠵᠡᠷᠡᠮᠳᠡᠭ | ᠦᠢᠯᠡᠳᠬᠦᠨ ᠢ ᠡᠭᠡᠭᠦᠯᠦᠨ ᠬᠤᠷᠢᠶᠠᠬᠤ ᠳᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ | ᠬᠠᠮᠢᠶᠠᠷᠬᠤ ᠪᠠ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠬᠦᠨᠳᠦ ᠶᠡᠭᠡ ᠡ᠊ᠨᠳᠡᠯ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠳᠥᠷᠪᠡ︶ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠪᠦᠬᠦ ᠬᠤᠳᠠ ᠶᠢᠨ | ᠭᠤᠣᠯᠳᠠᠯᠭ᠎ᠠ ᠲᠠᠢ ᠬᠢᠨᠠᠯᠲᠠ ᠲᠠᠯᠪᠢᠬᠤ ᠦᠢᠯᠡᠳᠬᠦᠨ ᠤ ᠭᠠᠷᠴᠠᠭ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠦᠢᠯᠡᠳᠬᠦᠨ ᠤ ᠶᠠᠰᠤ ᠴᠢᠨᠠᠷ ᠲᠤ ᠠᠵᠢᠯ ᠲᠥᠷᠥᠯ ᠤᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠬᠢᠨᠠᠯᠲᠠ ᠲᠠᠯᠪᠢᠬᠤ ᠪᠠ ᠲᠥᠷᠥᠯ ᠬᠤᠪᠢᠶᠠᠨ ᠬᠢᠨᠠᠯᠲᠠ | ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠬᠠᠮᠢᠶᠠᠷᠤᠯᠲᠠ | ᠪᠣᠯᠣᠨ ᠢᠳᠡᠭᠡᠨ ᠯᠦᠭᠡ ᠬᠤᠯᠪᠣᠭᠳᠠᠬᠤ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠥᠪᠥᠩ ᠵᠡᠷᠭᠡ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠲᠠᠪᠤ︶ ᠶᠡᠷᠦᠩᠬᠡᠶᠢᠯᠡᠨ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠪᠠ ᠢᠳᠡᠭᠡᠨ ᠤ ᠠᠶᠤᠯᠭᠦᠢ ᠶᠢ ᠵᠣᠬᠢᠴᠠᠭᠤᠯᠬᠤ ᠰᠠᠯᠠᠭ᠎ᠠ᠃ ᠭᠦᠢᠯᠭᠡᠭᠡᠨ ᠤ | ᠬᠦᠷᠢᠶ᠎ᠡ ᠴᠠᠷᠠᠭ᠎ᠠ ᠶᠢᠨ ᠲᠠᠸᠠᠷ᠂ ᠠᠵᠤ ᠦᠢᠯᠡᠳᠪᠦᠷᠢ ᠶᠢᠨ ᠦᠢᠯᠡᠳᠬᠦᠨ᠂ ᠢᠳᠡᠭᠡᠨ᠂ ᠡᠮ ᠤᠨ ᠵᠦᠢᠯ᠂ ᠭᠤᠶᠣᠯᠠᠯ ᠤᠨ ᠡᠳ᠋᠂ ᠡᠮᠴᠢᠯᠡᠭᠡᠨ ᠤ ᠪᠠᠭᠠᠵᠢ | ᠬᠡᠷᠡᠭᠰᠡᠯ ᠤᠨ ᠠᠶᠤᠯᠭᠦᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ᠬᠢᠷᠢ ᠲᠡᠩᠴᠡᠬᠦ ᠦᠭᠡᠢ ᠦᠢᠯᠡᠳᠬᠦᠨ᠂ ᠢᠳᠡᠭᠡᠨ᠂ ᠡᠮ ᠤᠨ ᠵᠦᠢᠯ᠂ ᠭᠤᠶᠣᠯᠠᠯ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ ᠢ ᠬᠠᠷᠭᠤᠭᠤᠯᠤᠨ ᠪᠠᠶᠢᠴᠠᠭᠠᠬᠤ | ᠂ ᠰᠢᠢᠳᠪᠦᠷᠢᠯᠡᠬᠦ᠂ ᠡᠭᠡᠭᠦᠯᠦᠨ ᠬᠤᠷᠢᠶᠠᠬᠤ ᠠᠵᠢᠯ ᠢ ᠰᠢᠮᠳᠠᠭᠤᠯᠤᠨ ᠵᠢᠯᠣᠭᠤᠳᠤᠨ᠎ᠠ᠃ ᠠᠶᠤᠯᠭᠦᠢ ᠶᠢᠨ ᠦᠨᠡᠯᠡᠯᠲᠡ ᠶᠢᠨ ᠴᠢᠨᠠᠷᠲᠠᠢ ᠰᠤᠭᠤᠴᠢᠨ ᠪᠠᠶᠢᠴᠠᠭᠠᠬᠤ᠂ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠲᠤᠷᠰᠢᠯᠭ᠎ᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠢᠳᠡᠭᠡᠨ ᠤ ᠠᠶᠤᠯᠭᠦᠢ ᠶᠢᠨ ᠪᠠᠶᠢᠯᠳᠤᠬᠤ ᠪᠣᠳᠣᠯᠭ᠎ᠠ ᠶᠢ ᠲᠦᠯᠬᠢᠨ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠶᠤᠯᠭᠦᠢ ᠶᠢᠨ ᠭᠠᠵᠠᠷ ᠣᠷᠣᠨ | ᠠᠯᠤᠰᠯᠠᠨ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠢ ᠡᠭᠦᠷᠭᠡᠯᠡᠨ᠎ᠡ᠃ ᠬᠤᠲᠠ ᠶᠢᠨ ᠢᠳᠡᠭᠡᠨ ᠪᠠ | ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠢᠳᠡᠭᠡᠨ ᠤ ᠦᠢᠯᠡᠳᠪᠦᠷᠢᠯᠡᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠦᠢᠯᠡᠳᠪᠦᠷᠢᠯᠡᠯ ᠤᠨ | ᠬᠦᠷᠢᠶᠡᠨ ᠤ ᠢᠳᠡᠭᠡᠨ ᠤ ᠠᠶᠤᠯᠭᠦᠢ ᠶᠢᠨ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ | ᠦᠢᠯᠡᠳᠪᠦᠷᠢᠯᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠵᠢᠵᠢᠭ ᠦᠢᠯᠡᠳᠬᠡᠯ ᠳᠤ ᠬᠢᠨᠠᠯᠲᠠ ᠲᠠᠯᠪᠢᠵᠤ | ᠵᠣᠬᠢᠶᠠᠨ ᠪᠠᠶᠢᠭᠤᠯᠤᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠵᠢᠯᠣᠭᠤᠳᠤᠨ ᠢᠳᠡᠭᠡᠨ ᠤ ᠠᠶᠤᠯᠭᠦᠢ ᠶᠢ ᠮᠥᠷᠳᠡᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ | ︵ᠠᠷᠪᠠᠨ ᠳᠣᠯᠤᠭ᠎ᠠ︶ ᠢᠳᠡᠭᠡᠨ ᠤ ᠭᠦᠢᠯᠭᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠭᠦᠢᠯᠭᠡᠭᠡᠨ ᠤ ᠬᠦᠷᠢᠶᠡᠨ ᠳᠠᠬᠢ | ᠢᠳᠡᠭᠡᠨ ᠤ ᠠᠶᠤᠯᠭᠦᠢ ᠶᠢᠨ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡ᠂ ᠵᠠᠬ᠎ᠠ ᠳᠡᠯᠭᠡᠭᠦᠷ ᠳᠡᠭᠡᠷ᠎ᠡ ᠢᠳᠡᠭᠡᠨ ᠤ ᠲᠠᠷᠢᠶᠠᠯᠠᠩ ᠤᠨ | ᠪᠦᠲᠦᠭᠡᠭᠳᠡᠬᠦᠨ ᠪᠣᠷᠣᠯᠠᠭᠤᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠤ ᠡᠵᠡᠩᠨᠡᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢᠨ ᠬᠠᠮᠲᠤ ᠵᠢᠯᠣᠭᠤᠳᠤᠨ ᠥᠷᠨᠢᠭᠦᠯᠦᠨ᠎ᠡ᠃ | ︵ᠠᠷᠪᠠᠨ ᠨᠠᠢᠮᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ | ᠭᠤᠭᠴᠤᠭ᠎ᠠ ᠳᠠᠬᠢ ᠢᠳᠡᠭᠡᠨ ᠤ ᠠᠶᠤᠯᠭᠦᠢ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ | ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ ᠥᠷᠨᠢᠭᠦᠯᠦᠨ᠎ᠡ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠶᠤᠯᠭᠦᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠶᠤᠯᠭᠦᠢ ᠶᠢᠨ | ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ | ︵ᠠᠷᠪᠠ ᠶᠢᠰᠦ︶ ᠣᠨᠴᠠᠭᠠᠢ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠡᠷᠡᠭᠦᠯᠵᠢᠯ ᠤᠨ ᠢᠳᠡᠭᠡᠨ᠂ ᠠᠨᠠᠭᠠᠬᠤ | ᠤᠬᠠᠭᠠᠨ ᠤ ᠬᠡᠷᠡᠭᠴᠡᠭᠡᠲᠦ ᠨᠠᠶᠢᠷᠠᠯᠭ᠎ᠠ ᠲᠠᠢ ᠣᠨᠴᠠᠭᠠᠢ ᠢᠳᠡᠭᠡᠨ ᠪᠣᠯᠣᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠣᠨᠴᠠᠭᠠᠢ ᠢᠳᠡᠭᠡᠨ ᠤ | ᠬᠦᠷᠢᠶᠡᠨ ᠤ ᠠᠶᠤᠯᠭᠦᠢ ᠶᠢᠨ ᠪᠠᠶᠢᠳᠠᠯ ᠢ ᠵᠠᠳᠠᠯᠤᠨ ᠡᠵᠡᠮᠰᠢᠵᠦ᠂ ᠣᠨᠴᠠᠭᠠᠢ ᠢᠳᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠶᠤᠯᠭᠦᠢ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠬᠤᠷᠢ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠵᠥᠪᠰᠢᠶᠡᠷᠡᠬᠦ ᠰᠠᠯᠠᠭ᠎ᠠ᠃ ᠤᠯᠤᠰ ᠤᠨ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠲᠣᠰ ᠰᠠᠯᠠᠭ᠎ᠠ ᠮᠥᠴᠢᠷ ᠤᠨ ᠬᠠᠷᠢᠭᠤᠴᠠᠬᠤ ᠴᠢᠬᠤᠯᠠᠲᠠᠢ ᠬᠢᠨᠠᠨ | ᠵᠥᠪᠰᠢᠶᠡᠷᠡᠬᠦ ᠵᠦᠢᠯᠡᠰ ᠢ ᠭᠦᠢᠴᠡᠳᠬᠡᠬᠦ ᠴᠤᠪᠤᠷᠠᠯ ᠳᠤ ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠣᠰ ᠰᠠᠯᠠᠭ᠎ᠠ ᠮᠥᠴᠢᠷ ᠤᠨ ᠭᠥᠯᠢᠶᠡᠨ ᠠᠪᠴᠤ ᠰᠢᠢᠳᠪᠦᠷᠢᠯᠡᠬᠦ ᠴᠢᠬᠤᠯᠠᠲᠠᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠮᠠᠲ᠋ᠧᠷᠢᠶᠠᠯ ᠢ ᠬᠢᠨᠠᠨ ᠪᠠᠶᠢᠴᠠᠭᠠᠨ᠎ᠠ᠃ | ︵ᠬᠤᠷᠢᠨ ᠨᠢᠭᠡ︶ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠰᠠᠯᠠᠭ᠎ᠠ᠃ ᠣᠨᠴᠠ ᠲᠥᠷᠥᠯ ᠤᠨ | ᠲᠣᠨᠤᠭ ᠲᠥᠬᠦᠭᠡᠷᠦᠮᠵᠢ ᠶᠢᠨ ᠭᠠᠷᠴᠠᠭ ᠶᠣᠰᠣᠭᠠᠷ ᠪᠥᠬᠦ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠳᠤ ᠬᠠᠤᠯᠢ ᠶᠣᠰᠣᠭᠠᠷ | ᠬᠢᠨᠠᠯᠲᠠ ᠬᠠᠮᠢᠶᠠᠷᠤᠯᠲᠠ ᠬᠢᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ | ᠪᠠᠷᠢᠮᠵᠢᠶ᠎ᠠ᠂ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠬᠤ ᠶᠢᠨ ᠬᠠᠮᠲᠤ ᠪᠦᠷᠢᠳᠬᠡᠨ ᠵᠠᠳᠠᠯᠤᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯᠲᠠᠨ᠂ ᠠᠵᠢᠯᠯᠠᠬᠤ ᠬᠥᠮᠥᠰ ᠢ ᠬᠢᠨᠠᠵᠤ ᠬᠠᠮᠢᠶᠠᠷᠤᠨ᠎ᠠ᠃ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢᠨ ᠠᠶᠤᠯᠭᠦᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠳᠤ ᠬᠠᠮᠵᠢᠯᠴᠠᠵᠤ ᠬᠡᠷᠡᠭᠯᠡᠯᠲᠡ ᠶᠢ ᠳᠡᠯᠭᠡᠷᠡᠭᠦᠯᠦᠨ᠎ᠡ᠃ | ︵ᠬᠤᠷᠢᠨ ᠬᠤᠶᠠᠷ︶ ᠬᠡᠮᠵᠢᠯᠲᠡ ᠶᠢᠨ ᠬᠠᠮᠢᠶᠠᠷᠤᠯᠲᠠ ᠶᠢᠨ ᠰᠠᠯᠠᠭ᠎ᠠ᠃ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ | ᠬᠡᠮᠵᠢᠯᠲᠡ ᠶᠢᠨ ᠳᠦᠷᠢᠮ ᠢ ᠬᠡᠷᠡᠭᠵᠢᠭᠦᠯᠵᠦ᠂ ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠤᠭ᠎ᠠ ᠬᠡᠮᠵᠢᠭᠳᠡᠯ ᠢ ᠳᠠᠮᠵᠢᠭᠤᠯᠵᠤ ᠮᠥᠷᠳᠡᠬᠦ ᠪᠠ ᠬᠡᠮᠵᠢᠯᠲᠡ ᠶᠢ ᠠᠳᠠᠯᠢᠳᠬᠠᠬᠤ ᠠᠵᠢᠯ ᠢ ᠵᠣᠬᠢᠶᠠᠨ | ᠪᠠᠶᠢᠭᠤᠯᠤᠨ᠎ᠠ᠃ ᠬᠤᠲᠠ ᠶᠢᠨ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨ ᠰᠢᠰᠲ᠋ᠧᠮᠵᠢ ᠶᠢ ᠪᠠᠶᠢᠭᠤᠯᠬᠤ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠠᠵᠢᠯ ᠢ ᠡᠭᠦᠷᠭᠡᠯᠡᠨ᠎ᠡ᠃ ᠲᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ | ᠰᠢᠯᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠬᠡᠮᠵᠢᠯᠲᠡ ᠶᠢᠨ ᠲᠤᠭ᠎ᠠ ᠪᠠᠷᠢᠮᠲᠠ ᠬᠡᠷᠡᠭᠯᠡᠬᠦ ᠶᠢ ᠵᠢᠷᠤᠮᠵᠢᠭᠤᠯᠤᠨ᠎ᠠ᠃ | ︵ᠬᠤᠷᠢᠨ ᠭᠤᠷᠪᠠ︶ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠃ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠢ ᠬᠠᠮᠢᠶᠠᠷᠬᠤ ᠶᠢ | ᠬᠠᠷᠢᠭᠤᠴᠠᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠤᠶᠢᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ ᠪᠠ | ᠪᠠᠷᠢᠮᠵᠢᠶ᠎ᠠ ᠳᠤ ᠲᠤᠯᠭᠠᠵᠤ ᠪᠠᠷᠢᠮᠵᠢᠶ᠎ᠠ ᠳᠤ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠥᠪᠰᠢᠶᠡᠷᠡᠯ ᠢᠶᠠᠷ ᠲᠣᠰ ᠭᠠᠵᠠᠷ ᠣᠷᠣᠨ ᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠵᠦ᠂ ᠪᠦᠯᠬᠦᠮ ᠨᠡᠶᠢᠲᠡ ᠶᠢᠨ | ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ᠂ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠵᠢᠴᠢ ᠨᠡᠶᠢᠭᠡᠮ ᠳᠤ ᠢᠯᠡ ᠪᠣᠯᠭᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠠᠸᠠᠷ ᠤᠨ ᠵᠢᠷᠤᠭᠠᠰᠤᠨ ᠲᠡᠮᠳᠡᠭ ᠵᠢᠴᠢ ᠢᠯᠭᠠᠬᠤ ᠲᠡᠮᠳᠡᠭ ᠵᠡᠷᠭᠡ ᠠᠵᠢᠯ ᠢ ᠬᠠᠷᠢᠭᠤᠴᠠᠨ᠎ᠠ᠃ ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ | ︵ᠬᠤᠷᠢᠨ ᠳᠥᠷᠪᠡ︶ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠭᠡᠷᠡᠴᠢᠯᠡᠵᠦ | ᠵᠥᠪᠰᠢᠶᠡᠷᠡᠬᠦ ᠪᠠ ᠰᠢᠯᠭᠠᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠰᠠᠶᠢᠨ ᠳᠤᠷ᠎ᠠ ᠶᠢᠨ ᠴᠢᠨᠠᠷᠲᠠᠢ ᠭᠡᠷᠡᠴᠢᠯᠡᠭᠡ | ᠬᠢᠬᠦ ᠪᠠ ᠠᠯᠪᠠᠳᠠᠯᠭ᠎ᠠ ᠶᠢᠨ ᠴᠢᠨᠠᠷᠲᠠᠢ ᠪᠦᠲᠦᠭᠡᠭᠳᠡᠬᠦᠨ ᠤ ᠭᠡᠷᠡᠴᠢᠯᠡᠭᠡ ᠬᠢᠬᠦ ᠠᠵᠢᠯ ᠢ ᠬᠢᠨᠠᠨ ᠬᠠᠮᠢᠶᠠᠷᠴᠤ᠂ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ | ᠬᠢᠷᠢ ᠬᠡᠮ ᠤᠨ ᠦᠨᠡᠯᠡᠯᠲᠡ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷᠡᠴᠢᠯᠡᠵᠦ ᠵᠥᠪᠰᠢᠶᠡᠷᠡᠬᠦ᠂ ᠪᠠᠶᠢᠴᠠᠭᠠᠨ ᠰᠢᠯᠭᠠᠬᠤ ᠠᠵᠢᠯ | ᠲᠥᠷᠥᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠰᠢᠯᠭᠠᠨ ᠪᠠᠶᠢᠴᠠᠭᠠᠬᠤ ᠡᠬᠢ ᠪᠠᠶᠠᠯᠢᠭ ᠢ ᠨᠡᠶᠢᠳᠬᠡᠬᠦ ᠪᠠ ᠥᠭᠡᠷᠡᠴᠢᠯᠡᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ | ︵ᠬᠤᠷᠢᠨ ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠰᠠᠯᠠᠭ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ | ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠡᠭᠦᠳᠦᠨ ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠵᠤ | ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠢ ᠵᠠᠳᠠᠯᠤᠨ ᠦᠨᠡᠯᠡᠬᠦ᠂ ᠰᠢᠯᠵᠢᠭᠦᠯᠦᠨ ᠤᠯᠠᠷᠢᠭᠤᠯᠬᠤ᠂ ᠬᠡᠷᠡᠭᠯᠡᠬᠦ ᠵᠢᠴᠢ | ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠵᠢᠯᠣᠭᠤᠳᠤᠨ᠎ᠠ᠃ ᠪᠠᠷᠢᠴᠠᠭᠠᠯᠠᠵᠤ ᠪᠡᠯᠡ ᠲᠣᠬᠢᠷᠠᠭᠤᠯᠬᠤ ᠵᠢᠴᠢ ᠳᠠᠯᠳᠠ | ᠬᠥᠷᠥᠩᠭᠡ ᠶᠢ ᠦᠨᠡᠯᠡᠨ ᠵᠢᠱᠢᠬᠦ ᠵᠡᠷᠭᠡ ᠠᠵᠢᠯ ᠢ ᠵᠣᠬᠢᠴᠠᠭᠤᠯᠤᠨ ᠵᠢᠯᠤᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠬᠤᠷᠢᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠯᠠᠭ᠎ᠠ᠃ ᠲᠠᠸᠠᠷ ᠤᠨ ᠲᠡᠮᠳᠡᠭᠲᠦ ᠪᠠ ᠲᠤᠰᠬᠠᠢ | ᠠᠰᠢᠭ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠳᠦᠷᠢᠮ᠂ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠬᠠᠮᠢᠶᠠᠷᠬᠤ ᠪᠠ | ᠦᠢᠯᠡᠴᠢᠯᠡᠬᠦ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠤᠭ ᠭᠠᠷᠤᠯᠲᠠ ᠶᠢᠨ ᠭᠠᠵᠠᠷ ᠤᠨ ᠭᠠᠵᠠᠷ | ᠵᠦᠢ ᠶᠢᠨ ᠪᠡᠯᠭᠡ ᠲᠡᠮᠳᠡᠭ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢᠨ ᠵᠢᠷᠤᠭ ᠲᠥᠯᠥᠪᠯᠡᠭᠡ ᠵᠡᠷᠭᠡ ᠠᠯᠪᠠᠨ ᠤ ᠲᠠᠯ᠎ᠠ ᠶᠢᠨ ᠬᠠᠮᠠᠭᠠᠯᠠᠯᠲᠠ ᠶᠢ | ᠡᠭᠦᠷᠭᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠦᠯᠲᠡ ᠳᠤ | ᠬᠠᠮᠵᠢᠯᠴᠠᠬᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠲᠤᠯᠤᠭ᠎ᠠ︶ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠡᠮ ᠤᠨ ᠵᠦᠢᠯ ᠤᠨ ᠭᠦᠢᠯᠭᠡᠭᠡᠨ ᠤ ᠠᠶᠤᠯᠭᠦᠢ ᠶᠢᠨ | ᠪᠠᠶᠢᠳᠠᠯ ᠢ ᠡᠵᠡᠮᠰᠢᠨ ᠵᠠᠳᠠᠯᠬᠤ ᠶᠢᠨ ᠬᠠᠮᠲᠤ ᠠᠵᠢᠯ ᠤᠨ ᠰᠠᠨᠠᠭᠤᠯᠭ᠎ᠠ ᠳᠤᠷᠠᠳᠤᠨ᠎ᠠ᠃ ᠡᠮ ᠤᠨ ᠵᠦᠢᠯ ︵ᠮᠣᠩᠭᠤᠯ ᠬᠢᠲᠠᠳ ᠡᠮ︶ ᠤᠨ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠪᠠ ᠬᠡᠷᠡᠭᠯᠡᠬᠦ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮ ᠤᠨ ᠵᠦᠢᠯ ᠢ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠪᠣᠯᠣᠨ ᠬᠡᠷᠡᠭᠯᠡᠬᠦ ᠨᠢᠭᠡᠴᠢ ᠶᠢᠨ ᠠᠶᠤᠯᠭᠦᠢ ᠶᠢ ᠪᠥᠬᠦ ᠲᠠᠯ᠎ᠠ ᠪᠠᠷ ᠬᠢᠨᠠᠨ ᠬᠠᠮᠢᠶᠠᠷᠴᠤ᠂ ᠡᠮ ᠤᠨ ᠵᠦᠢᠯ ᠤᠨ ᠡᠵᠡᠩᠨᠡᠯᠲᠡ᠂ | ᠬᠡᠷᠡᠭᠯᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠬᠡᠷᠡᠭᠵᠢᠭᠦᠯᠦᠯᠲᠡ ᠶᠢ ᠬᠢᠨᠠᠨ ᠲᠠᠯᠪᠢᠨ ᠵᠢᠯᠣᠭᠤᠳᠤᠨ᠎ᠠ᠃ ᠡᠮ ᠤᠨ ᠵᠦᠢᠯ ᠢ ᠲᠦᠷᠦᠯ | ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠦᠢᠯᠭᠡᠭᠡᠨ ᠤ | ᠵᠠᠩᠭᠢᠯᠠᠭ᠎ᠠ ᠳᠤ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ ᠤᠨ ᠡᠵᠡᠩᠨᠡᠯᠲᠡ ᠶᠢ ᠵᠣᠬᠢᠶᠠᠨ ᠪᠠᠶᠢᠭᠤᠯᠤᠨ | ᠵᠢᠯᠤᠭᠤᠳᠴᠤ᠂ ᠬᠡᠷᠡᠭᠯᠡᠬᠦ ᠭᠤᠭᠴᠤᠭ᠎ᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ᠎ᠠ᠃ ᠡᠷᠬᠡ ᠮᠡᠳᠡᠯ ᠤᠨ ᠶᠣᠰᠣᠭᠠᠷ ᠡᠮᠴᠢᠯᠡᠭᠡᠨ ᠳᠤ ᠬᠡᠷᠡᠭᠯᠡᠬᠦ ᠬᠤᠣᠷᠲᠤ | ᠴᠢᠨᠠᠷᠲᠠᠢ ᠡᠮ ᠤᠨ ᠬᠡᠷᠡᠭᠰᠡᠯ᠂ ᠮᠢᠨᠴᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠢ ᠡᠮ ᠤᠨ ᠵᠦᠢᠯ ᠪᠠ ᠡᠮ ᠤᠨ | ᠵᠦᠢᠯ ᠤᠨ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ᠢ ᠬᠢᠨᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ | ︵ᠬᠤᠷᠢᠨ ᠨᠠᠢᠮᠠ︶ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠤᠶᠣᠯᠠᠯ ᠤᠨ ᠡᠳ᠋ ᠤᠨ ᠭᠦᠢᠯᠭᠡᠭᠡᠨ ᠤ | ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠤᠶᠣᠯᠠᠯ ᠤᠨ ᠡᠳ᠋ ᠤᠨ ᠡᠵᠡᠩᠨᠡᠯᠲᠡ ᠶᠢᠨ ᠬᠦᠷᠢᠶᠡᠨ ᠤ ᠠᠶᠤᠯᠭᠦᠢ ᠶᠢ ᠪᠥᠬᠦ | ᠲᠠᠯ᠎ᠠ ᠪᠠᠷ ᠬᠢᠨᠠᠨ ᠬᠠᠮᠢᠶᠠᠷᠬᠤ᠂ ᠵᠠᠳᠠᠯᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠣᠨᠴᠠᠭᠠᠢ ᠪᠤᠰᠤ ᠭᠤᠶᠣᠯᠠᠯ ᠤᠨ | ᠡᠳ᠋ ᠢ ᠳᠠᠩᠰᠠᠯᠠᠬᠤ ᠠᠵᠢᠯ ᠢ ᠬᠠᠷᠢᠭᠤᠴᠠᠨ᠎ᠠ᠃ ᠦᠨᠳᠦᠰᠦᠨ ᠱᠠᠲᠤᠨ ᠤ ᠭᠤᠶᠣᠯᠠᠯ ᠤᠨ ᠡᠳ᠋ ᠤᠨ ᠡᠵᠡᠩᠨᠡᠯᠲᠡ ᠶᠢᠨ ᠬᠦᠷᠢᠶᠡᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠬᠤᠷᠢ ᠶᠢᠰᠦ︶ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠷᠢᠶ᠎ᠠ | ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠯᠥᠪᠯᠡᠬᠦ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠢᠮᠵᠢᠶ᠎ᠠ ᠪᠠ ᠲᠥᠷᠥᠯ ᠬᠤᠪᠢᠶᠠᠨ ᠬᠠᠮᠢᠶᠠᠷᠬᠤ ᠳᠦᠷᠢᠮ ᠢ | ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ | ᠬᠡᠷᠡᠭᠯᠡᠯᠲᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠡᠮᠴᠢᠯᠡᠭᠡᠨ ᠤ ᠪᠠᠭᠠᠵᠢ | ᠬᠡᠷᠡᠭᠰᠡᠯ ᠢ ᠡᠵᠡᠩᠨᠡᠬᠦ᠂ ᠬᠡᠷᠡᠭᠯᠡᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠦᠯᠵᠢᠶ᠎ᠡ ᠪᠠᠷ | ᠪᠣᠷᠣᠯᠠᠭᠤᠯᠬᠤ ᠡᠮᠴᠢᠯᠡᠭᠡᠨ ᠤ ᠪᠠᠭᠠᠵᠢ ᠬᠡᠷᠡᠭᠰᠡᠯ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠨ᠎ᠡ᠃ | ︵ᠭᠤᠴᠢ︶ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ᠃ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠪᠦᠬᠦ ᠬᠤᠳᠠ ᠶᠢᠨ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠶᠢ ᠳᠤᠷᠠᠳᠴᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ | ᠬᠠᠮᠲᠤᠷᠠᠯᠴᠠᠭ᠎ᠠ ᠰᠣᠯᠢᠯᠴᠠᠭ᠎ᠠ ᠬᠢᠬᠦ᠂ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ | ᠠᠵᠢᠯ ᠢ ᠡᠭᠦᠷᠭᠡᠯᠡᠨ᠎ᠡ᠃ | ︵ᠭᠤᠴᠢᠨ ᠨᠢᠭᠡ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ | ᠭᠡᠷ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ᠂ ᠲᠤᠰᠬᠠᠢ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ᠂ ᠡᠪᠯᠡᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠥᠷᠨᠢᠭᠦᠯᠦᠨ᠎ᠡ᠃ ᠡᠯ᠎ᠡ | ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ ᠤᠨ ᠨᠠᠮ ᠤᠨ | ᠪᠠᠶᠢᠭᠤᠯᠤᠯᠲᠠ᠂ ᠡᠪᠯᠡᠯ ᠤᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠨ᠎ᠠ᠃ | ︵ᠭᠤᠴᠢᠨ ᠬᠤᠶᠠᠷ︶ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠰᠠᠯᠠᠭ᠎ᠠ ︵ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ︶᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠵᠢᠴᠢ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠬᠤ᠂ ᠦᠢᠯᠡᠳᠪᠦᠷᠢᠯᠡᠬᠦ᠂ ᠡᠵᠡᠩᠨᠡᠬᠦ᠂ ᠠᠷᠠᠯᠵᠢᠶᠠᠯᠠᠬᠤ | ᠳᠤᠮᠳᠠᠬᠢ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ | ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠸᠠᠷ᠂ ᠢᠳᠡᠭᠡᠨ᠂ ᠡᠮ ᠤᠨ ᠵᠦᠢᠯ ᠢ ᠰᠤᠭᠤᠴᠢᠨ | ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠤᠳᠠᠯ ᠬᠠᠭᠤᠷᠮᠠᠭ ᠵᠠᠷ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠴᠢᠬᠤᠯᠠ | ᠶᠡᠭᠡ ᠨᠥᠯᠥᠭᠡᠯᠡᠬᠦ ᠴᠢᠨᠠᠷᠲᠠᠢ ᠪᠤᠶᠤ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠲᠣᠮᠣ ᠬᠡᠷᠡᠭ ᠴᠢᠬᠤᠯᠠ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ | ᠰᠢᠢᠳᠪᠦᠷᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠪᠠ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ | ᠤᠯᠡᠠ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ ᠤᠨ ᠠᠵᠢᠯ ᠤᠨ ᠰᠠᠯᠠᠭ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠰᠠᠯᠵᠤ | ᠠᠮᠠᠷᠠᠭᠰᠠᠨ ᠬᠥᠮᠥᠰ ᠤᠨ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠣᠷᠣᠨ ᠲᠤᠭ᠎ᠠ 167 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 4︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ | ᠲᠤᠭ᠎ᠠ 75 ︵39 ᠵᠢᠩᠬᠢᠨᠢ ︵ᠢᠳᠡᠭᠡᠨ ᠤ ᠵᠦᠢᠯ ᠤᠨ ᠠᠶ᠋ᠯᠤᠭᠦᠢ ᠶᠢᠨ ᠶᠡᠷᠦᠩᠬᠡᠢ ᠬᠢᠨᠠᠭᠴᠢ᠂ ᠡᠮ ᠤᠨ ᠵᠦᠢᠯ ᠤᠨ ᠠᠶᠤᠯᠭᠦᠢ ᠶᠢᠨ ᠶᠡᠷᠦᠩᠬᠡᠢ ᠬᠢᠨᠠᠭᠴᠢ᠂ | ᠶᠡᠷᠦᠩᠬᠡᠢ ᠢᠨᠵᠧᠨᠧᠷ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠨ ᠤ | ᠠᠵᠢᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ ᠲᠣᠰ ᠲᠣᠰ 1 ᠬᠥᠮᠥᠨ᠂ ᠵᠠᠬ᠎ᠠ ᠳᠡᠯᠭᠡᠭᠦᠷ ᠤᠨ ᠮᠥᠷᠳᠡᠨ ᠪᠠᠶᠢᠴᠠᠭᠠᠬᠤ ᠲᠤᠰᠬᠠᠢ ᠲᠤᠰᠢᠶᠠᠯᠲᠠᠨ2 ᠬᠥᠮᠥᠨ | ᠪᠠᠭᠲᠠᠨ᠎ᠠ︶ 36 ᠳᠡᠳ᠋ ︵ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ ᠪᠠᠭᠲᠠᠨ᠎ᠠ︶᠃ | ᠵᠢᠷᠭᠤᠳᠤᠭᠠᠷ ᠵᠦᠢᠯ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠶᠢᠨ | ᠲᠣᠬᠢᠷᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ | ᠨᠢᠭᠡᠴᠢ ᠶᠢᠨ ᠲᠣᠬᠢᠷᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠨᠠᠢᠮᠠᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ | ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ | ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ | ᠶᠢᠰᠦᠳᠦᠭᠡᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠰᠤᠨ ᠡᠷᠭᠢ ᠵᠢᠵᠢᠭ ᠪᠠᠯᠭᠠᠰᠤ ᠶᠢᠨ G4 ᠠᠰᠠᠷ | ᠠᠵᠢᠯᠯᠠᠬᠤ ᠴᠠᠭ᠄ ᠠᠵᠢᠯᠯᠠᠬᠤ ᠡᠳᠦᠷ ᠤᠨ 9:00-12:00 13:30-17:00 | ᠤᠲᠠᠰᠤ᠄ 0471-5699722 | ᠬᠠᠷᠢᠭᠤᠴᠠᠯᠭᠠᠲᠠᠨ᠄ ᠶᠦᠨ ᠴᠦᠨ ᠯᠧᠢ | | | |