ᠭᠠᠳᠠᠭᠠᠳᠤ ᠶᠠᠪᠤᠳᠠᠯ ᠤᠨ ᠠᠯᠪᠠᠨ ᠭᠡᠷ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠾᠧᠦ ᡁᠢ ᠬᠤᠢ᠂ ᠡᠮᠡᠭᠲᠡᠢ᠂ ᠬᠢᠲᠠᠳ ᠦᠨᠳᠦᠰᠦᠲᠡᠨ᠂ 1968 ᠣᠨ ᠤ 12 ᠳ᠋ᠤᠭᠠᠷ ᠰᠠᠷ᠎ᠠ ᠳᠤ ᠲᠥᠷᠥᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠲᠠᠢ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭ ᠡᠷᠭᠢᠯᠡᠬᠦ ᠪᠠᠶᠢᠭᠤᠯᠤᠮᠵᠢ ᠪᠣᠯᠣᠨ᠎ᠠ᠂ ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ᠨᠢᠭᠡ᠂ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ ᠪᠠ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠵᠢᠭᠠᠪᠤᠷᠢ ᠪᠠ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠲᠥᠯᠦᠪᠵᠢᠭᠦᠯᠭᠡ ᠪᠠ ᠳᠦᠷᠢᠮ ᠢ ᠰᠤᠳᠤᠯᠤᠨ ᠲᠣᠭᠲᠠᠭᠠᠵᠤ᠂ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ᠬᠤᠶᠠᠷ᠂ ᠪᠥᠬᠦ ᠬᠤᠲᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠤᠶᠤ ᠬᠠᠪᠰᠤᠷᠤᠨ ᠰᠢᠢᠳᠪᠦᠷᠢᠯᠡᠨ᠎ᠡ᠃      ᠭᠤᠷᠪᠠ᠂ ᠪᠥᠬᠦ ᠬᠤᠲᠠ ᠶᠢᠨ ᠴᠢᠬᠤᠯᠠ ᠶᠡᠭᠡ ᠭᠠᠳᠠᠭᠠᠳᠤ ᠰᠣᠯᠢᠯᠴᠠᠭᠠᠨ ᠤ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠵᠤ᠂ ᠴᠢᠬᠤᠯᠠ ᠭᠠᠳᠠᠭᠠᠳᠤ ᠶᠢᠨ ᠵᠣᠴᠢᠳ ᠤᠨ ᠮᠠᠨ ᠤ ᠬᠤᠲᠠ ᠳᠤ ᠢᠷᠡᠵᠦ ᠠᠯᠪᠠᠨ ᠶᠠᠪᠤᠳᠠᠯ ᠤᠨ ᠠᠵᠢᠯᠯᠠᠭ᠎ᠠ ᠬᠢᠬᠦ ᠳᠤ ᠭᠠᠳᠠᠭᠠᠳᠤ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠭᠠᠳᠠᠭᠠᠳᠤ ᠳᠤ ᠬᠤᠯᠪᠣᠭᠳᠠᠬᠤ ᠶᠣᠰᠣᠯᠠᠯ ᠤᠨ ᠶᠣᠰᠣ ᠳᠦᠷᠢᠮ ᠤᠨ ᠠᠵᠢᠯ ᠢ ᠵᠢᠯᠣᠭᠤᠳᠤᠨ᠎ᠠ᠃      ᠳᠥᠷᠪᠡ᠂ ᠮᠠᠨ ᠤ ᠬᠤᠳᠠ ᠶᠢᠨ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠰᠢᠶᠠᠩᠭᠠᠩ ᠣᠣᠮᠧᠨ ᠳᠤ ᠣᠴᠢᠬᠤ︶ ᠪᠠ ᠭᠠᠳᠠᠭᠠᠳᠤ ᠶᠢᠨ ᠬᠥᠮᠥᠨ ᠢ ᠤᠷᠢᠵᠤ ᠠᠶᠢᠯᠴᠢᠯᠠᠭᠤᠯᠬᠤ ᠤᠴᠢᠷ ᠶᠠᠪᠤᠳᠠᠯ ᠢ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠪᠠ ᠳᠡᠭᠡᠭᠰᠢ ᠮᠡᠳᠡᠭᠦᠯᠦᠨ᠎ᠡ᠃      ᠲᠠᠪᠤ᠂ ᠬᠤᠳᠠ ᠶᠢᠨ ᠠᠷᠠᠳ ᠤᠨ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠮᠠᠨ ᠤ ᠬᠤᠳᠠ ᠶᠢᠨ ᠭᠠᠳᠠᠭᠠᠳᠤ ᠶᠢᠨ ᠨᠥᠬᠦᠷᠰᠡᠭ ᠬᠤᠳᠠ ᠪᠠ ᠪᠤᠰᠤᠳ ᠨᠠᠶᠢᠷᠰᠠᠭ ᠶᠠᠪᠤᠯᠴᠠᠭ᠎ᠠ ᠲᠠᠢ ᠪᠠᠶᠢᠭᠤᠯᠭ᠎ᠠ ᠨᠢᠭᠡᠴᠢ ᠯᠦᠭᠡ ᠶᠢᠨ ᠬᠠᠷᠢᠯᠴᠠᠭᠠᠨ ᠤ ᠠᠵᠢᠯᠯᠠᠭ᠎ᠠ ᠶᠢ ᠬᠠᠮᠢᠶᠠᠷᠴᠤ᠂ ᠮᠠᠨ ᠤ ᠬᠤᠳᠠ ᠶᠢᠨ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭᠠᠨ ᠤ ᠠᠵᠢᠯ ᠢ ᠵᠢᠯᠣᠭᠤᠳᠤᠨ᠎ᠠ᠃      ᠵᠢᠷᠭᠤᠭ᠎ᠠ᠂ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠢ ᠬᠠᠪᠰᠤᠷᠴᠤ ᠭᠠᠳᠠᠭᠠᠳᠤ ᠤᠬᠠᠭᠤᠯᠭ᠎ᠠ ᠪᠠ ᠤᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠨ᠋᠎ᠡ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠳᠠᠭᠠᠳᠤ ᠤᠯᠤᠰ᠂ ᠰᠢᠶᠠᠩᠭᠠᠩ ᠣᠣᠮᠧᠨ ᠤ ᠰᠣᠨᠢᠨ ᠮᠡᠳᠡᠭᠡᠨ ᠤ ᠪᠠᠶᠢᠭᠤᠯᠤᠮᠵᠢ ᠵᠢᠴᠢ ᠰᠤᠷᠪᠤᠯᠵᠢᠯᠠᠭᠴᠢ ᠶᠢᠨ ᠮᠠᠨ ᠤ ᠬᠤᠲᠠ ᠳᠤ ᠢᠷᠡᠵᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠷᠪᠤᠯᠵᠢᠯᠠᠬᠤ ᠶᠢ ᠬᠠᠷᠢᠭᠤᠴᠠᠨ᠎ᠠ᠃      ᠲᠤᠯᠤᠭ᠎ᠠ᠂ ᠰᠢᠶᠠᠩᠭᠠᠩ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠲᠤᠬᠠᠢ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠵᠣᠬᠢᠴᠠᠭᠤᠯᠵᠤ ᠰᠢᠶᠠᠩᠭᠠᠩ᠂ ᠣᠣᠮᠧᠨ ᠲᠠᠢ ᠤᠯᠠᠨ ᠬᠦᠷᠢᠶᠡᠨ ᠳᠤ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ 1 ᠨᠣᠮᠧᠷᠲᠤ  ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ 1167 ᠲᠠᠰᠤᠭᠠᠵᠢᠯᠯᠠᠬᠤ ᠴᠠᠭ᠄ ᠠᠵᠢᠯᠯᠠᠬᠤ ᠡᠳᠦᠷ ᠤᠨ 9:00-12:00᠂ 13:30-17:00ᠤᠲᠠᠰᠤ᠄ 0471-4606149ᠬᠠᠷᠢᠭᠤᠴᠠᠯᠭᠠᠲᠠᠨ᠄ ᠾᠧᠦ ᡁᠢ ᠬᠤᠢ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ