ᠤᠳᠤᠷᠢᠳᠤᠯᠭ᠎ᠠ ᠶᠢᠨ ᠨᠠᠮᠲᠠᠷ᠄ | | ᠬᠠᠨ ᠸᠧᠨ ᠰᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 10 ᠳ᠋ᠤᠭᠠᠷ ᠰᠠᠷ᠎ᠠ ᠳᠤ ᠲᠥᠷᠥᠵᠡᠢ᠂ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠃ ᠬᠥᠬᠡᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ | | | ᠪᠠᠶᠢᠭᠤᠯᠭ᠎ᠠ ᠶᠢᠨ ᠲᠠᠨᠢᠯᠴᠠᠭᠤᠯᠭ᠎ᠠ᠄ | | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ | ᠃ | ᠬᠤᠶᠠᠳᠤᠭᠠᠷ ᠵᠦᠢᠯ ᠬᠦᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠃ | ᠭᠤᠷᠪᠠᠳᠤᠭᠠᠷ ᠵᠦᠢᠯ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ | ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ | ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠭᠠᠮᠰᠢᠭ ᠢ | ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠳᠦᠷᠢᠮ ᠲᠣᠭᠲᠠᠭᠠᠯ ᠪᠠ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠭᠤᠷᠪᠠ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ | ᠤᠯᠤᠰ ᠤᠨ ᠠᠳᠡᠯ ᠤᠨ ᠭᠠᠢ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠡᠰ ᠬᠤᠪᠢᠶᠠᠨ ᠠᠷᠭᠠᠴᠠᠭᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠬᠡᠯ ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ | ᠭᠠᠮᠰᠢᠭ ᠤᠨ ᠲᠥᠷᠥᠯ ᠤᠨ ᠲᠤᠰᠬᠠᠢ ᠲᠥᠷᠥᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ︵ᠳᠥᠷᠪᠡ︶ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠦᠪᠵᠢᠭᠦᠯᠭᠡ ᠪᠠ ᠪᠠᠶᠢᠷᠢᠰᠢᠭᠤᠯᠤᠯᠲᠠ ᠶᠢᠨ | ᠠᠵᠢᠯ ᠢ ᠲᠦᠯᠬᠢᠨ ᠠᠬᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ | ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ | ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | ︵ᠲᠠᠪᠤ︶ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠪᠥᠬᠦ ᠬᠤᠲᠠ ᠶᠢᠨ ᠬᠦᠨᠳᠦ ᠶᠡᠭᠡ | ᠭᠠᠮᠰᠢᠭ ᠢ ᠠᠷᠭᠠᠴᠠᠭᠠᠬᠤ ᠵᠢᠯᠤᠭᠤᠳᠬᠤ ᠭᠠᠵᠠᠷ ᠤᠨ ᠠᠵᠢᠯ ᠢ ᠳᠠᠭᠠᠭᠠᠵᠤ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ | ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠠᠴᠠ ᠲᠣᠭᠲᠠᠭᠠᠭᠰᠠᠨ | ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠡᠷᠬᠡ ᠮᠡᠳᠡᠯ ᠤᠨ ᠶᠣᠰᠣᠭᠠᠷ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠥᠷᠥᠯ ᠤᠨ ᠲᠤᠰᠬᠠᠢ ᠡᠩᠨᠡᠭᠡ ᠶᠢ | ᠵᠣᠬᠢᠴᠠᠭᠤᠯᠤᠨ ᠵᠢᠯᠤᠭᠤᠳᠴᠤ᠂ ᠪᠥᠬᠦ ᠬᠤᠲᠠ ᠶᠢᠨ ᠪᠠᠴᠢᠮ ᠪᠠᠶᠢᠳᠠᠯ ᠳᠤ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ | ᠵᠢᠯᠤᠭᠤᠳᠬᠤ ᠲᠠᠪᠴᠠᠩ ᠤᠨ ᠵᠣᠯᠭᠠᠯᠳᠤᠯ ᠢ ᠲᠦᠯᠬᠢᠨ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ | ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠠᠵᠢᠯ ᠳᠤ ᠣᠷᠣᠯᠴᠠᠭᠤᠯᠤᠨ᠎ᠠ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠵᠢᠯᠤᠭᠤᠳᠴᠤ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠮᠡᠳᠡᠯ ᠤᠨ ᠶᠣᠰᠣᠭᠠᠷ ᠭᠠᠯ ᠤᠨᠲᠠᠷᠠᠭᠠᠬᠤ᠂ ᠣᠶ ᠰᠢᠭᠤᠢ ᠪᠠ ᠨᠤᠲᠤᠭ | ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠵᠦᠢ ᠶᠢᠨ ᠭᠠᠢ | ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠤᠭᠤᠳᠴᠤ᠂ ᠡᠯ᠎ᠡ ᠭᠠᠵᠠᠷ ᠵᠢᠴᠢ ᠨᠡᠶᠢᠭᠡᠮ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠲᠤᠯᠤᠭ᠎ᠠ︶ ᠡᠷᠬᠡ ᠮᠡᠳᠡᠯ ᠤᠨ ᠶᠣᠰᠣᠭᠠᠷ ᠪᠥᠬᠦ ᠬᠤᠳᠠ ᠶᠢᠨ ᠭᠠᠯ ᠰᠡᠷᠭᠡᠶᠢᠯᠡᠬᠦ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ | ᠤᠨᠲᠠᠷᠠᠭᠠᠵᠤ ᠠᠶᠤᠯ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠪᠥᠬᠦ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ | ᠪᠠ ᠭᠠᠵᠠᠷ ᠵᠦᠢ ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠤᠭᠤᠳᠴᠤ᠂ ᠪᠥᠬᠦ ᠬᠤᠲᠠ ᠶᠢᠨ ᠪᠠᠶᠢᠭᠠᠯᠢ ᠶᠢᠨ ᠭᠠᠮᠰᠢᠭ ᠢ | ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠥᠬᠦ ᠬᠤᠲᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠶᠢᠰᠦ︶ ᠪᠥᠬᠦ ᠬᠤᠲᠠ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ | ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠳᠤ ᠬᠠᠨᠳᠢᠪᠯᠡᠬᠤ ᠠᠵᠢᠯ ᠢ ᠵᠣᠬᠢᠶᠠᠨ | ᠪᠠᠶᠢᠭᠤᠯᠤᠨ ᠵᠢᠯᠤᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ | ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ | ︵ᠠᠷᠪᠠ︶ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ | ᠶᠣᠰᠣᠭᠠᠷ ᠬᠡᠷᠡᠭᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠨᠡᠭᠡᠭᠡᠯᠲᠡ ᠶᠢᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠱᠠᠲᠤ ᠬᠤᠪᠢᠶᠠᠬᠤ᠂ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠢ ᠬᠤᠳᠠᠯᠳᠤᠭ᠎ᠠ | ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠪᠣᠯᠣᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ | ᠲᠤᠨᠤᠭ ᠲᠥᠬᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠳᠦᠷᠢᠮ ᠢ | ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠠᠶᠤᠯᠲᠠᠢ ᠬᠢᠮᠢ ᠶᠢᠨ | ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ | ᠰᠢᠢᠳᠪᠦᠷᠢᠯᠡᠵᠦ᠂ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ | ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠮᠡᠳᠡᠭᠡ | ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠢ | ᠲᠣᠬᠢᠷᠠᠭᠤᠯᠤᠨ᠎ᠠ᠃ | ︵ᠠᠷᠪᠠᠨ ᠳᠥᠷᠪᠡ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ | ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠠᠷᠪᠠᠨ ᠲᠠᠪᠤ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ | ᠃ | ︵ᠠᠷᠪᠠᠨ ᠳᠣᠯᠤᠭ᠎ᠠ︶ ᠲᠤᠰᠢᠶᠠᠯ ᠬᠠᠷᠢᠭᠤᠴᠠᠯᠭ᠎ᠠ ᠶᠢᠨ ᠬᠤᠪᠢᠷᠠᠯᠲᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠦᠬᠦ | ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠵᠦ᠂ | ᠨᠢᠭᠡᠳᠦᠯᠲᠡᠢ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠡᠷᠬᠡ ᠬᠦᠨᠳᠦ ᠲᠠᠢ ᠥᠨᠳᠥᠷ ᠪᠦᠲᠦᠮᠵᠢᠲᠡᠢ ᠬᠤᠳᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠶᠢᠨ ᠰᠢᠰᠲ᠋ᠧᠮᠵᠢ ᠶᠢ ᠪᠠᠶᠢᠭᠤᠯᠵᠤ᠂ ᠨᠢᠭᠡᠳᠦᠯᠲᠡᠢ ᠵᠢᠯᠣᠭᠤᠳᠤᠭᠰᠠᠨ᠂ ᠲᠤᠰᠬᠠᠢ ᠪᠠ ᠪᠠᠶᠢᠩᠭᠤ ᠶᠢ ᠬᠤᠣᠰᠯᠠᠭᠤᠯᠤᠭᠰᠠᠨ᠂ ᠲᠤᠰᠬᠠᠯ | ᠰᠡᠷᠭᠡᠭ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠯᠳᠦᠭᠦᠯᠦᠨ᠎ᠡ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠲᠡᠮᠡᠴᠡᠬᠦ | ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ | ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ | ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠲᠠᠩ ᠭᠠᠭᠴᠠ ᠭᠠᠮᠰᠢᠭ ᠤᠨ ᠲᠦᠷᠦᠯ ᠢ ᠠᠷᠭᠠᠴᠠᠭᠠᠵᠤ ᠪᠠᠶᠢᠭᠰᠠᠨ ᠠᠴᠠ | ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠠᠶᠤᠯ | ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ | ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠣᠷᠢᠯᠲᠠ ᠶᠢ ᠴᠢᠩᠭᠠᠳᠬᠠᠨ᠂ ᠣᠯᠠᠨ ᠲᠦᠮᠡᠨ ᠤ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ | ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠥᠨ ᠤ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨ ᠬᠦ | ᠪᠠᠭᠠᠰᠬᠠᠨ᠎ᠠ᠃ ᠭᠤᠷᠪᠠ ᠳᠤ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠦᠨᠳᠦ ᠣᠨᠴᠠ ᠶᠡᠭᠡ | ᠠᠶᠤᠯᠭᠦᠢ ᠶᠢᠨ ᠠᠳᠡᠯ ᠭᠠᠷᠬᠤ ᠶᠢ ᠡᠷᠡᠰ ᠬᠤᠷᠢᠭᠯᠠᠨ᠎ᠠ᠃ | ︵ᠠᠷᠪᠠᠨ ᠨᠠᠢᠮᠠ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | 1. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠵᠦ ᠠᠪᠤᠷᠠᠨ ᠲᠤᠰᠠᠯᠠᠬᠤ ᠲᠠᠯ᠎ᠠ ᠶᠢᠨ | ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠶᠡᠷᠦᠩᠬᠡᠢ ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠵᠦᠢᠯ ᠤᠨ ᠲᠥᠰᠥᠯ ᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ | ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠵᠢᠯᠤᠭᠤᠳᠴᠤ | ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢᠨ | ᠬᠠᠮᠲᠤ ᠡᠷᠬᠡ ᠮᠡᠳᠡᠯ ᠤᠨ ᠶᠣᠰᠣᠭᠠᠷ ᠰᠢᠢᠳᠪᠦᠷᠢ ᠭᠠᠷᠭᠠᠨ᠎ᠠ᠃ ᠪᠥᠬᠦ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠭᠠᠬᠤ ᠵᠢᠯᠤᠭᠤᠳᠬᠤ ᠭᠠᠵᠠᠷ ᠤᠨ | ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠠᠴᠠ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢ ᠬᠠᠪᠰᠤᠷᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠤᠢ ᠰᠢᠭᠤᠢ ᠪᠣᠯᠣᠨ ᠨᠤᠲᠤᠭ ᠪᠡᠯᠴᠢᠭᠡᠷ ᠤᠨ | ᠭᠠᠯ ᠤᠨ ᠭᠠᠮᠰᠢᠭ᠂ ᠦᠶᠡᠷ ᠤᠰᠤ ᠭᠠᠩ ᠬᠠᠭᠰᠠᠷᠠᠭᠠᠨ᠂ ᠭᠠᠵᠠᠷ ᠬᠥᠳᠡᠯᠦᠯᠲᠡ ᠪᠣᠯᠣᠨ ᠭᠠᠵᠠᠷ ᠵᠦᠢ ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ | ᠠᠵᠢᠯ ᠳᠤ ᠵᠣᠬᠢᠴᠠᠭᠤᠯᠤᠨ ᠵᠢᠯᠣᠭᠤᠳᠤᠨ᠎ᠠ᠃ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠬᠤᠳᠠ ᠶᠢᠨ ᠴᠠᠭ ᠠᠭᠤᠷ ᠤᠨ ᠲᠣᠪᠴᠢᠶ᠎ᠠ᠂ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠨᠢᠭᠡᠳᠦᠯᠲᠡᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠢ ᠭᠠᠮᠰᠢᠭ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠤᠯᠠᠨ ᠲᠦᠷᠦᠯ ᠤᠨ ᠭᠠᠮᠰᠢᠭ ᠪᠠ ᠭᠠᠮᠰᠢᠭ ᠤᠨ ᠬᠡᠯᠬᠢᠶ᠎ᠡ ᠶᠢ | ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠮᠡᠳᠡᠯ ᠤᠨ ᠶᠣᠰᠣᠭᠠᠷ ᠤᠢ ᠰᠢᠭᠤᠢ ᠪᠣᠯᠣᠨ ᠨᠤᠲᠤᠭ ᠪᠡᠯᠴᠢᠭᠡᠷ ᠤᠨ | ᠭᠠᠯ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠯ ᠤᠨ ᠠᠶᠤᠯ᠂ ᠭᠠᠯ ᠤᠨ ᠠᠶᠤᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ︵2︶ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠦᠪᠵᠢᠭᠦᠯᠭᠡ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ | ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ | ᠃ ᠭᠠᠵᠠᠷ ᠵᠦᠢ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ | ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ | ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠵᠦᠢ ᠶᠢᠨ ᠭᠠᠮᠰᠢᠭ ᠤᠨ | ᠪᠠᠷᠢᠯᠭ᠎ᠠ ᠶᠢ ᠴᠡᠭᠴᠡᠯᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠵᠦᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵3︶ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠦᠶᠡᠷ ᠤᠰᠤ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ | ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ | ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠨᠠᠭᠤᠷ | ᠴᠥᠭᠦᠷᠥᠮ ᠪᠣᠯᠣᠨ ᠴᠢᠬᠤᠯᠠ ᠤᠰᠤᠨ ᠤ ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠭᠠᠩ ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠪᠣᠯᠣᠨ ᠪᠠᠴᠢᠮ | ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠡᠰ ᠳᠠᠷᠠᠭᠠᠯᠠᠯ ᠶᠣᠰᠣᠭᠠᠷ | ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ | ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵4︶ ᠡᠯ᠎ᠡ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠪᠠᠶᠢᠭᠤᠯᠤᠮᠵᠢ ᠨᠤᠭᠤᠳ ᠬᠤᠳᠠ ᠶᠢᠨ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠬᠢᠭᠡᠳ ᠤᠰᠤᠨ ᠤ ᠶᠠᠪᠤᠳᠠᠯ ᠤᠨ ᠲᠣᠪᠴᠢᠶ᠎ᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ | ᠵᠢᠭᠠᠪᠤᠷᠢ ᠶᠢ ᠬᠡᠷᠡᠭᠵᠢᠭᠦᠯᠦᠨ᠎ᠡ᠃ | ︵5︶ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ | ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠵᠦ ᠲᠣᠭᠤᠷᠢᠨ | ᠬᠠᠮᠠᠭᠠᠯᠠᠬᠤ᠂ ᠭᠠᠯ ᠤᠨ ᠰᠤᠷᠪᠤᠯᠵᠢ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ | ᠥᠷᠨᠢᠭᠦᠯᠦᠨ᠎ᠡ᠃ | ︵6︶ ᠪᠣᠳᠠᠲᠠᠢ ᠪᠠᠶᠢᠳᠠᠯ ᠢ ᠦᠨᠳᠦᠰᠦᠯᠡᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢᠨ | ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠣᠨ᠎ᠠ᠃ | 2. ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠪᠦᠬᠦ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠤᠨ | ᠨᠥᠭᠡᠴᠡᠯᠡᠯᠲᠡ ᠶᠢᠨ ᠲᠠᠯ᠎ᠠ ᠪᠠᠷ ᠬᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠬᠤᠳᠠ ᠶᠢᠨ ᠭᠠᠮᠰᠢᠭ ᠠᠴᠠ ᠠᠪᠤᠷᠠᠬᠤ ᠡᠳ᠋ | ᠪᠣᠳᠠᠰ ᠢ ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ ᠳᠤᠷᠠᠳᠴᠤ᠂ ᠬᠤᠳᠠ ᠶᠢᠨ ᠭᠠᠮᠰᠢᠭ ᠠᠴᠠ | ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ᠂ ᠲᠦᠷᠦᠯ ᠵᠦᠢᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠢᠯ ᠤᠨ ᠬᠤᠳᠠᠯᠳᠤᠨ ᠠᠪᠬᠤ | ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠶᠢ ᠦᠨᠳᠦᠰᠦᠯᠡᠨ ᠬᠡᠷᠡᠭᠯᠡᠬᠦ ᠵᠢᠭᠠᠪᠤᠷᠢ ᠪᠠᠭᠤᠯᠭᠠᠨ᠎ᠠ᠃ | ︵2︶ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ | ᠲᠥᠯᠦᠪᠵᠢᠭᠦᠯᠭᠡ᠂ ᠲᠦᠷᠦᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠪᠦᠬᠦ ᠬᠤᠳᠠ ᠶᠢᠨ | ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠵᠤ᠂ | ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠯᠡᠬᠦ ᠵᠢᠭᠠᠪᠤᠷᠢ ᠶᠢ ᠦᠨᠳᠦᠰᠦᠯᠡᠨ ᠵᠢᠷᠤᠮ ᠶᠣᠰᠣᠭᠠᠷ ᠵᠣᠬᠢᠶᠠᠨ | ᠪᠠᠶᠢᠭᠤᠯᠵᠤ ᠰᠢᠯᠵᠢᠭᠦᠯᠦᠨ ᠭᠠᠷᠭᠠᠨ᠎ᠠ᠃ | ᠳᠥᠷᠪᠡᠳᠦᠭᠡᠷ ᠵᠦᠢᠯ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ | ᠪᠠᠶᠢᠭᠤᠯᠤᠮᠵᠢ ᠶᠢ ᠲᠣᠬᠢᠷᠠᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ | ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠡᠷᠭᠡ ᠬᠥᠰᠬᠡ ᠶᠢᠨ ᠬᠠᠮᠢᠶᠠᠷᠤᠯᠲᠠ ᠵᠡᠷᠭᠡ ᠠᠵᠢᠯ ᠢ | ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ | ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠰᠣᠨᠢᠨ ᠮᠡᠳᠡᠭᠡᠨ ᠤ ᠤᠬᠠᠭᠤᠯᠬᠤ ᠰᠠᠯᠠᠭ᠎ᠠ᠃ ᠬᠠᠮᠢᠶ᠎ᠠ ᠪᠦᠬᠦᠢ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠳᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠰᠤᠳᠤᠯᠬᠤ ᠠᠵᠢᠯ ᠢ | ᠡᠭᠦᠷᠭᠡᠯᠡᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠲᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠠᠶᠤᠯᠭᠦᠢ | ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠵᠦ᠂ ᠤᠯᠠᠨ ᠨᠡᠶᠢᠳᠡ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ | ︵ᠭᠤᠷᠪᠠ︶ ᠠᠵᠢᠯᠲᠠᠨ ᠤ ᠶᠠᠪᠤᠳᠠᠯ ᠬᠥᠮᠦᠵᠢᠯ ᠪᠣᠯᠪᠠᠰᠤᠷᠠᠭᠤᠯᠤᠯ ᠤᠨ ᠰᠠᠯᠠᠭ᠎ᠠ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠺᠠᠳ᠋ᠷ | ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠬᠥᠯᠥᠰᠦ᠂ ᠠᠵᠢᠯ ᠠᠴᠠ ᠪᠠᠨ ᠠᠮᠠᠷᠠᠭᠰᠠᠨ ᠺᠠᠳ᠋ᠷ ᠵᠡᠷᠭᠡ ᠠᠵᠢᠯ ᠢ ᠬᠠᠷᠢᠭᠤᠴᠠᠵᠤ᠂ | ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ | ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠬᠥᠮᠦᠵᠢᠯ ᠪᠣᠯᠪᠠᠰᠤᠷᠠᠭᠤᠯᠤᠯ ᠢ | ᠵᠢᠯᠣᠭᠤᠳᠤᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠵᠢᠯᠲᠠᠨ ᠤ ᠠᠶᠤᠯᠭᠦᠢ ᠶᠢᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠴᠤ | ᠬᠢᠨᠠᠯᠲᠠ ᠲᠠᠯᠪᠢᠨ᠎ᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠨ ᠲᠣᠬᠢᠷᠠᠭᠤᠯᠬᠤ ᠰᠠᠯᠠᠭ᠎ᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠰᠢᠰᠲ᠋ᠧᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ | ᠳᠤᠷᠠᠳᠴᠤ᠂ ᠪᠠᠴᠢᠮ ᠪᠠᠶᠢᠳᠠᠯ ᠢ ᠠᠷᠭᠠᠴᠠᠭᠠᠬᠤ ᠭᠤᠣᠯᠳᠠᠯᠭ᠎ᠠ ᠲᠠᠢ ᠪᠠᠷᠢᠯᠭ᠎ᠠ ᠪᠠ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠬᠡᠯ ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠷᠥᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠯ᠎ᠡ | ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠵᠣᠯᠭᠠᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠤᠲᠠ ᠶᠢᠨ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ | ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠦᠪᠵᠢᠭᠦᠯᠭᠡ | ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠬᠦᠨᠳᠦ ᠶᠡᠭᠡ ᠭᠠᠮᠰᠢᠭ ᠢ | ᠠᠷᠭᠠᠴᠠᠭᠠᠬᠤ ᠵᠢᠯᠤᠭᠤᠳᠬᠤ ᠭᠠᠵᠠᠷ ᠤᠨ ᠠᠬᠤᠢ ᠲᠠᠯᠠᠪᠤᠷ ᠤᠨ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠡᠩᠨᠡᠭᠡ ᠶᠢᠨ ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠤᠨ | ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ᠂ ᠵᠠᠰᠠᠭ ᠤᠨ ᠶᠠᠪᠤᠳᠠᠯ ᠤᠨ ᠵᠢᠵᠢᠭᠦᠷ | ᠵᠡᠷᠭᠡ ᠠᠵᠢᠯ ᠢ ᠡᠭᠦᠷᠭᠡᠯᠡᠵᠦ᠂ ᠤᠯᠤᠰ ᠤᠨ ᠠᠳᠡᠯ ᠤᠨ ᠭᠠᠢ ᠭᠠᠮᠰᠢᠭ ᠪᠠ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠳᠦᠷᠢᠮ ᠢ | ᠨᠠᠶᠢᠳᠠᠪᠤᠷᠢᠵᠢᠭᠤᠯᠤᠨ᠂ ᠲᠣᠰ ᠬᠤᠲᠠ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠪᠥᠬᠦ | ᠬᠤᠲᠠ ᠶᠢᠨ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠲᠤᠰᠠᠯᠠᠮᠵᠢ ᠭᠤᠶᠤᠴᠢᠯᠠᠵᠤ᠂ ᠭᠠᠯ ᠤᠨᠲᠠᠷᠠᠭᠠᠬᠤ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠬᠢᠴᠠᠭᠤᠯᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ | ︵ᠲᠠᠪᠤ︶ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ᠰᠠᠯᠠᠭ᠎ᠠ᠃ | ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ | ᠵᠢᠱᠢᠵᠦ ᠨᠤᠲᠠᠯᠠᠬᠤ ᠲᠣᠭᠲᠠᠴᠠ ᠶᠢ ᠪᠠᠶᠢᠭᠤᠯᠵᠤ᠂ ᠪᠦᠬᠦ ᠬᠤᠳᠠ ᠶᠢᠨ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠦᠬᠦ ᠬᠤᠳᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠬᠢᠭᠡᠳ ᠭᠠᠮᠰᠢᠭ ᠢ | ᠪᠠᠭᠠᠰᠬᠠᠬᠤ ᠴᠢᠳᠠᠪᠤᠷᠢ ᠶᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠦᠬᠦ ᠬᠤᠳᠠ ᠶᠢᠨ ᠭᠠᠵᠠᠷ ᠬᠥᠳᠡᠯᠦᠯᠲᠡ ᠶᠢᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ | ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠢᠯᠤᠭᠤᠳᠴᠤ᠂ ᠪᠦᠬᠦ ᠬᠤᠳᠠ ᠶᠢᠨ ᠬᠦᠨᠳᠦ ᠶᠡᠭᠡ ᠭᠠᠵᠠᠷ ᠵᠦᠢ ᠶᠢᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠯᠠᠨ ᠤᠯᠤᠰ ᠤᠨ ᠬᠤᠯᠪᠣᠭᠳᠠᠯ ᠪᠦᠬᠦᠢ ᠬᠠᠮᠲᠤᠷᠠᠯᠴᠠᠭ᠎ᠠ ᠪᠠ ᠠᠪᠤᠷᠠᠨ ᠲᠤᠰᠠᠯᠠᠬᠤ | ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ | ᠭᠠᠮᠰᠢᠭ ᠠᠴᠠ ᠠᠪᠤᠷᠠᠨ ᠲᠤᠰᠠᠯᠠᠬᠤ ᠳᠤ ᠬᠠᠨᠳᠢᠪᠯᠠᠬᠤ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠦᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ | ᠲᠣᠭᠲᠠᠭᠠᠵᠤ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ | ᠪᠠᠶᠢᠭᠤᠯᠤᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠲᠣᠬᠢᠷᠠᠭᠤᠯᠤᠨ | ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠳᠠ ᠶᠢᠨ ᠭᠠᠮᠰᠢᠭ ᠠᠴᠠ ᠠᠪᠤᠷᠠᠬᠤ ᠵᠣᠭᠤᠰ | ᠮᠥᠩᠭᠦ ᠡᠳ᠋ ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠤᠯᠪᠣᠭᠳᠠᠯ | ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠤᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠠᠴᠠ ᠪᠣᠯᠵᠤ ᠡᠪᠳᠡᠷᠡᠵᠦ | ᠰᠦᠢᠳᠦᠭᠰᠡᠨ ᠭᠡᠷ ᠪᠠᠶᠢᠰᠢᠩ ᠢ ᠰᠡᠷᠭᠦᠭᠡᠨ ᠲᠠᠬᠢᠨ ᠪᠦᠲᠦᠭᠡᠨ ᠪᠠᠶᠢᠭᠤᠯᠬᠤ ᠳᠤ ᠨᠥᠬᠦᠪᠦᠷᠢ ᠥᠭᠬᠦ ᠪᠠ ᠭᠠᠮᠰᠢᠭᠳᠠᠭᠰᠠᠨ ᠤᠯᠠᠨ ᠲᠦᠮᠡᠨ ᠤ ᠠᠮᠢᠳᠤᠷᠠᠯ ᠢ | ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠵᠢᠷᠭᠤᠭ᠎ᠠ︶ ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠰᠠᠯᠠᠭ᠎ᠠ᠃ ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ | ᠪᠣᠯᠣᠨ ᠮᠡᠷᠭᠡᠵᠢᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠥᠬᠦ ᠬᠤᠳᠠ ᠶᠢᠨ ᠬᠤᠲᠠ ᠪᠠᠯᠭᠠᠰᠤ᠂ ᠬᠥᠳᠡᠭᠡ ᠲᠣᠰᠬᠤᠨ᠂ ᠤᠢ | ᠰᠢᠭᠤᠢ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ | ᠲᠦᠯᠬᠢᠨ ᠠᠬᠢᠭᠤᠯᠵᠤ᠂ ᠪᠥᠬᠦ ᠬᠤᠳᠠ ᠶᠢᠨ ᠭᠠᠯ ᠰᠡᠷᠭᠡᠶᠢᠯᠡᠬᠦ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ | ᠠᠪᠤᠷᠠᠬᠤ ᠠᠵᠢᠯ ᠢ ᠵᠢᠯᠣᠭᠤᠳᠤᠨ᠎ᠠ᠃ | ︵ᠲᠤᠯᠤᠭ᠎ᠠ︶ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠰᠠᠯᠠᠭ᠎ᠠ᠃ ᠪᠥᠬᠦ ᠬᠤᠲᠠ ᠶᠢᠨ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠠ ᠴᠢᠬᠤᠯᠠ | ᠤᠰᠤᠨ ᠤ ᠪᠠᠷᠢᠯᠭ᠎ᠠ ᠶᠢᠨ ᠦᠶᠡᠷ ᠢ ᠰᠡᠷᠭᠡᠶᠢᠯᠡᠨ ᠭᠠᠩ ᠤᠨ ᠭᠠᠮᠰᠢᠭ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ | ᠬᠡᠮᠵᠢᠶ᠎ᠡ ᠶᠢ ᠲᠣᠬᠢᠷᠠᠭᠤᠯᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠨᠠᠢᠮᠠ︶ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠪᠦᠬᠦ ᠬᠤᠲᠠ ᠶᠢᠨ ᠬᠢᠮᠢ ᠶᠢᠨ ᠠᠵᠤ | ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ ᠪᠣᠯᠣᠨ ᠬᠤᠸᠠᠷ | ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠲᠠ ᠶᠢᠨ ᠠᠶᠤᠯᠲᠠᠢ | ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠠᠶᠤᠯᠲᠠᠢ ᠬᠢᠮᠢ ᠶᠢᠨ | ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠡᠮ ᠤᠨ ᠵᠦᠢᠯ ᠤᠨ ᠪᠤᠰᠤ ᠲᠥᠷᠥᠯ ᠤᠨ ᠬᠤᠣᠷᠲᠤ ᠡᠳ᠋ ᠦᠢᠯᠡᠳᠬᠦ ᠳᠤ ᠲᠤᠰᠠᠲᠠᠢ | ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠶᠢᠰᠦ︶ ᠠᠶᠤᠯᠭᠦᠢ ᠦᠢᠯᠡᠳᠪᠦᠷᠢᠯᠡᠯ ᠤᠨ ᠰᠠᠭᠤᠷᠢ ᠰᠠᠯᠠᠭ᠎ᠠ᠃ ᠨᠡᠭᠦᠷᠡᠰᠦᠨ ᠤ ᠪᠤᠰᠤ ᠠᠭᠤᠷᠬᠠᠢ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ | ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣ ᠳᠠᠮᠵᠢᠭᠤᠯᠬᠤ ᠬᠤᠭᠤᠯᠠᠢ ᠠᠴᠠ ᠭᠠᠳᠠᠨ᠎ᠠ︶᠂ | ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ | ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠠᠵᠢᠯ ᠢ | ᠬᠠᠷᠢᠭᠤᠴᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ ᠢ ᠲᠤᠭᠤᠷᠪᠢᠨ ᠲᠣᠭᠲᠠᠭᠠᠵᠤ᠂ | ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠤᠯᠭᠦᠢ ᠶᠢᠨ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃ | ︵ᠠᠷᠪᠠ︶ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠰᠠᠯᠠᠭ᠎ᠠ᠃ ᠰᠢᠭᠤᠳ ᠬᠢᠨᠠᠨ ᠬᠠᠮᠢᠶᠠᠷᠬᠤ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ | ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠴᠢᠨᠠᠷᠲᠠᠢ | ᠠᠵᠢᠯ ᠢ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠬᠠᠤᠯᠢ ᠬᠡᠷᠡᠭᠵᠢᠭᠦᠯᠬᠦ | ᠡᠩᠨᠡᠭᠡᠨ ᠤ ᠪᠠᠶᠢᠭᠤᠯᠤᠯᠲᠠ ᠪᠣᠯᠣᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠠᠳᠡᠯ ᠢ | ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠪᠦᠬᠦ ᠬᠤᠳᠠ ᠶᠢᠨ ᠪᠠᠶᠢᠭᠠᠯᠢ ᠶᠢᠨ ᠭᠠᠮᠰᠢᠭ ᠤᠨ | ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠤᠨ ᠪᠣᠯᠣᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠬᠤᠳᠠ ᠶᠢᠨ ᠴᠢᠨᠠᠷᠲᠠᠢ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠳᠣᠲᠣᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠯᠪᠠᠨ ᠭᠡᠷ᠃ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠬᠦ ᠰᠠᠨᠠᠯ ᠢ ᠰᠤᠳᠤᠯᠤᠨ ᠳᠤᠷᠠᠳᠬᠤ ᠶᠢᠨ ᠬᠠᠮᠲᠤ ᠪᠣᠳᠠᠲᠠᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠣᠰ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠭᠦᠢᠴᠡᠳᠬᠡᠬᠦ ᠪᠠ | ᠪᠥᠬᠦ ᠶᠠᠪᠤᠴᠠ ᠳᠤ ᠭᠥᠯᠢᠶᠡᠨ ᠠᠪᠴᠤ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠣᠭᠳᠠᠬᠤ ᠬᠠᠶᠢᠨ ᠪᠠᠶᠢᠴᠠᠭᠠᠬᠤ᠂ ᠬᠠᠶᠢᠨ | ᠰᠢᠯᠭᠠᠬᠤ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ᠎ᠠ᠃ ᠳᠡᠭᠡᠳᠦ ᠱᠠᠲᠤᠨ ᠤ ᠪᠠᠶᠢᠭᠤᠯᠭ᠎ᠠ ᠠᠴᠠ | ᠬᠢᠨᠠᠨ ᠵᠥᠪᠰᠢᠶᠡᠷᠡᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠬᠦᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠬᠡᠬᠦ᠂ ᠦᠨᠡᠮᠯᠡᠯ ᠣᠯᠭᠤᠬᠤ ᠠᠵᠢᠯ ᠢ ᠡᠭᠦᠷᠭᠡᠯᠡᠨ᠎ᠡ᠃ ᠰᠠᠯᠠᠭ᠎ᠠ ᠮᠥᠴᠢᠷ ᠤᠨ | ᠤᠳᠤᠷᠢᠳᠤᠯᠭ᠎ᠠ ᠶᠢᠨ ᠲᠤᠰᠢᠶᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠣᠭᠳᠠᠬᠤ ᠪᠤᠰᠤᠳ ᠵᠦᠢᠯᠡᠰ ᠢ ᠭᠦᠢᠴᠡᠳᠬᠡᠨ᠎ᠡ᠃ | ᠤᠯᠤᠰ ᠲᠦᠷᠦ ᠶᠢᠨ ᠬᠡᠯᠲᠡᠰ᠃ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠠᠵᠢᠯ ᠢ ᠬᠠᠪᠰᠤᠷᠤᠨ ᠥᠷᠨᠢᠭᠦᠯᠦᠨ᠎ᠡ᠃ ᠤᠯᠤᠰ ᠲᠤᠶᠢᠷᠦ ᠶᠢᠨ ᠬᠡᠯᠲᠡᠰ ᠤᠨ ᠡᠳᠦᠷ ᠲᠤᠳᠦᠮ ᠤᠨ ᠠᠵᠢᠯ ᠢ ᠠᠵᠢᠯᠲᠠᠨ ᠤ ᠶᠠᠪᠤᠳᠠᠯ | ᠬᠥᠮᠥᠵᠢᠯ ᠪᠣᠯᠪᠠᠰᠤᠷᠠᠭᠤᠯᠤᠯ ᠤᠨ ᠰᠠᠯᠠᠭ᠎ᠠ ᠠᠴᠠ ᠡᠭᠦᠷᠭᠡᠯᠡᠨ᠎ᠡ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ | ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠣᠷᠣᠨ ᠲᠤᠭ᠎ᠠ 38 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3︔ ᠤᠯᠤᠰ ᠲᠥᠷᠥ ᠶᠢᠨ ᠬᠡᠯᠲᠡᠰ ᠤᠨ ᠳᠠᠷᠤᠭ᠎ᠠ 1︔ | ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 29 ︵16 ᠵᠢᠩᠬᠢᠨᠢ ︵ᠶᠡᠷᠦᠩᠬᠡᠢ ᠢᠨᠵᠧᠨᠧᠷ᠂ ᠠᠶᠤᠯᠭᠦᠢ ᠦᠢᠯᠡᠳᠪᠦᠷᠢᠯᠡᠯ ᠤᠨ ᠬᠢᠨᠠᠨ | ᠪᠠᠶᠢᠴᠠᠭᠠᠬᠤ ᠲᠤᠰᠬᠠᠢ ᠲᠤᠰᠢᠶᠠᠯᠲᠠᠨ᠂ ᠪᠠᠴᠢᠮ ᠪᠠᠶᠢᠳᠠᠯ ᠢ ᠵᠢᠯᠣᠭᠤᠳᠬᠤ ᠲᠤᠰᠬᠠᠢ ᠲᠤᠰᠢᠶᠠᠯᠲᠠᠨ᠂ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ | ᠲᠤᠰᠢᠶᠠᠯᠲᠤ ᠳᠡᠳ᠋ ᠱᠦᠵᠢ ᠲᠣᠰ ᠲᠣᠰ 1 ᠬᠥᠮᠥᠨ ᠪᠠᠭᠲᠠᠨ᠎ᠠ︶ 13 ᠳᠡᠳ᠋ ︵ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 | ᠬᠥᠮᠥᠨ ᠪᠠᠭᠲᠠᠨ᠎ᠠ︶᠃ | ᠵᠢᠷᠭᠤᠳᠤᠭᠠᠷ ᠵᠦᠢᠯ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ | ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ | ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ | ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠢᠰᠬᠡᠯ ᠤᠨ ᠪᠠᠭᠤᠳᠠᠯ ᠤᠨ ᠲᠤᠰᠠᠯᠠᠬᠤ ᠵᠠᠮ ᠤᠰᠤᠨ ᠡᠷᠭᠢ ᠪᠠᠯᠭᠠᠰᠤ ᠶᠢᠨ G2 ᠰᠠᠭᠤᠳᠠᠯ ᠤᠨ | 2᠂ 3 ᠳ᠋ᠤᠭᠠᠷ ᠳᠠᠪᠬᠤᠷ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 13᠄ 30—17᠄ 00 | ᠤᠲᠠᠰᠤ᠄ 0471-5181120 | ᠬᠠᠷᠢᠭᠤᠴᠠᠯᠭᠠᠲᠠᠨ᠄ ᠬᠠᠨ ᠸᠧᠨ ᠰᠢᠶᠠᠩ | |