ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠾᠧᠦ ᠢᠦᠢ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠃ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠵᠠᠰᠠᠭ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃ ᠺᠠᠳ᠋ᠷ ᠤᠨ ᠡᠷᠡᠭᠦᠯᠵᠢᠯ ᠤᠨ ᠠᠵᠢᠯ ᠢ ᠬᠠᠷᠢᠭᠤᠴᠠᠨ᠎ᠠ᠃ ᠺᠠᠳ᠋ᠷ ᠤᠨ ᠡᠷᠡᠭᠦᠯᠵᠢᠯ ᠤᠨ ᠰᠠᠯᠠᠭ᠎ᠠ ᠶᠢ ᠬᠤᠪᠢᠳᠠᠨ ᠬᠠᠮᠢᠶᠠᠷᠤᠨ᠎ᠠ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ       ᠬᠤᠶᠠᠳᠤᠭᠠᠷ ᠵᠦᠢᠯ ᠬᠦᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠂ ᠬᠥᠬᠡᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠤᠯᠤᠰ ᠢᠶᠠᠨ ᠬᠠᠶᠢᠷᠠᠯᠠᠬᠤ ᠬᠥᠳᠡᠯᠭᠡᠭᠡᠨ ᠤ ᠬᠤᠷᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃      ᠭᠤᠷᠪᠠᠳᠤᠭᠠᠷ ᠵᠦᠢᠯ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄       ︵ᠨᠢᠭᠡ︶ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ᠂ ᠲᠦᠭᠡᠮᠡᠯ ᠠᠰᠢᠭ ᠲᠠᠢ ᠪᠣᠯᠭᠠᠬᠤ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠣᠯᠠᠨ ᠡᠰᠢᠵᠢᠬᠦ ᠂ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤᠴᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃      ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠯᠦᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠤᠨ ᠳᠠᠷᠬᠠᠯᠠᠭ᠎ᠠ ᠶᠢᠨ ᠲᠥᠯᠦᠪᠵᠢᠭᠦᠯᠭᠡ ᠶᠢ ᠬᠡᠷᠡᠭᠵᠢᠭᠦᠯᠦᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠳᠤ ᠣᠷᠣᠯᠴᠠᠭᠤᠯᠤᠨ᠎ᠠ᠃      ︵ᠳᠥᠷᠪᠡ︶ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠨᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃      ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠵᠣᠬᠢᠶᠠᠨ ᠪᠠᠶᠢᠭᠤᠯᠤᠨ ᠬᠢᠨᠠᠨ ᠬᠡᠮᠵᠢᠵᠦ ᠦᠨᠡᠯᠡᠨ ᠵᠢᠱᠢᠵᠦ᠂ ᠢᠳᠡᠭᠡᠨ ᠤ ᠠᠶᠤᠯᠭᠦᠢ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠵᠤ ᠨᠡᠶᠢᠲᠡᠯᠡᠨ᠎ᠡ᠃      ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠢᠳᠡᠬᠦ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃      ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠳᠤ ᠵᠥᠪᠰᠢᠶᠡᠷᠡᠨ ᠣᠷᠣᠬᠤ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃      ︵ᠠᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠯ ᠮᠠᠨᠳᠤᠯᠲᠠ ᠶᠢ ᠠᠬᠢᠭᠤᠯᠤᠨ᠎ᠠ᠃      ︵ᠠᠷᠪᠠᠨ ᠨᠢᠭᠡ︶ ᠬᠤᠲᠠ ᠶᠢᠨ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠠ ᠴᠢᠬᠤᠯᠠ ᠶᠡᠭᠡ ᠬᠥᠳᠡᠯᠭᠡᠭᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠲᠠᠪᠤ︶ ᠲᠤᠰᠢᠶᠠᠯ ᠬᠠᠷᠢᠭᠤᠴᠠᠯᠭ᠎ᠠ ᠶᠢᠨ ᠬᠤᠪᠢᠷᠠᠯᠲᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠡᠷᠡᠭᠦᠯ ᠡᠩᠬᠡ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠣᠯᠳᠠᠯᠭ᠎ᠠ ᠪᠠᠨ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯᠳᠠᠯᠭ᠎ᠠ ᠪᠠᠨ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠨᠢᠭᠡ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠤ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠵᠤ᠂ ᠡᠷᠡᠭᠦᠯ ᠮᠡᠨᠳᠤ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠶᠠᠷ ᠲᠤ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠢᠯᠡᠭᠦᠦ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠢ ᠪᠦᠷᠬᠦᠭᠦᠯᠬᠦ ᠶᠢ ᠲᠦᠯᠬᠢᠨ ᠠᠬᠢᠭᠤᠯᠵᠤ᠂ ᠬᠤᠰᠢᠭᠤ ᠰᠢᠶᠠᠨ ᠲᠣᠭᠤᠷᠢᠭ ᠪᠠ ᠠᠮᠢᠳᠤᠷᠠᠯ ᠨᠢ ᠬᠦᠴᠢᠷᠳᠡᠯᠲᠡᠢ ᠣᠯᠠᠨ ᠲᠦᠮᠡᠨ ᠲᠡᠶᠢᠰᠢ ᠬᠡᠯᠪᠡᠶᠢᠯᠭᠡᠨ᠎ᠡ᠃ ᠭᠤᠷᠪᠠ ᠳᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ᠂ ᠲᠦᠭᠡᠮᠡᠯ ᠠᠰᠢᠭ ᠲᠠᠢ᠂ ᠳᠥᠭᠦᠮ ᠳᠥᠲᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠤᠯᠠᠨ ᠡᠰᠢᠵᠢᠬᠦ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠤ ᠬᠡᠯᠪᠡᠷᠢ ᠪᠣᠯᠬᠤ ᠶᠢ ᠠᠬᠢᠭᠤᠯᠤᠨ᠎ᠠ᠃      ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠤᠨ ᠬᠤᠪᠢᠶᠠᠷᠢᠯᠠᠯ᠃      1. ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠥᠨ ᠠᠮᠠ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠷᠡᠵᠢᠯ ᠯᠦᠭᠡ ᠬᠤᠯᠪᠣᠭᠳᠠᠬᠤ ᠬᠥᠮᠥᠨ ᠠᠮᠠ ᠶᠢᠨ ᠲᠤᠭ᠎ᠠ᠂ ᠬᠡᠪ ᠪᠣᠯᠪᠠᠰᠤᠷᠠᠯ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠵᠤ ᠠᠬᠤᠢ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠬᠤᠲᠠ ᠶᠢᠨ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠥᠨ ᠠᠮᠠ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠥᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠴᠢᠬᠤᠯᠠ ᠶᠡᠭᠡ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠳᠠ ᠶᠢᠨ ᠬᠥᠮᠥᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠥᠮᠥᠨ ᠠᠮᠠ ᠬᠢᠭᠡᠳ ᠠᠵᠤ ᠠᠬᠤᠢ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠵᠣᠬᠢᠴᠠᠭᠰᠠᠨ ᠦᠷᠭᠦᠯᠵᠢᠯᠡᠬᠦᠶᠢᠴᠡ ᠬᠥᠭᠵᠢᠯᠲᠡ ᠵᠢᠴᠢ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃      2. ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠭᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡ ᠠᠰᠠᠷᠠᠯᠲᠠ ᠰᠤᠪᠢᠯᠠᠯᠲᠠ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠰᠢᠮᠳᠠᠭᠤᠯᠤᠨ ᠵᠢᠯᠤᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      3. ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠬᠠᠷᠢᠭᠤᠴᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢᠨ ᠬᠢᠨᠠᠨ ᠬᠡᠮᠵᠢᠯᠲᠡ ᠪᠠᠷ ᠳᠠᠮᠵᠢᠨ ᠠᠶᠤᠯᠭᠦᠢ ᠶᠢᠨ ᠳᠠᠯᠳᠠ ᠭᠡᠮ ᠣᠷᠣᠰᠢᠵᠤ ᠮᠡᠳᠡᠨ᠎ᠡ ᠭᠡᠵᠦ ᠦᠵᠡᠪᠡᠯ᠂ ᠴᠠᠭ ᠲᠤᠬᠠᠢ ᠳᠤᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠬᠦ ᠬᠡᠷᠡᠭᠲᠡᠢ᠂ ᠠᠶᠤᠯ ᠲᠠᠢ ᠭᠡᠰᠡᠨ ᠳ᠋ᠦᠩᠨᠡᠯᠲᠡ ᠭᠠᠷᠭᠠᠭᠰᠠᠨ ᠢᠳᠡᠭᠡᠨ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠡᠷᠡ ᠳᠠᠷᠤᠢ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢᠨ ᠬᠢᠨᠠᠨ ᠬᠡᠮᠵᠢᠯᠲᠡ ᠬᠢᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠬᠤ ᠶᠢᠨ ᠬᠠᠮᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠴᠢᠬᠤᠯᠠ ᠶᠡᠭᠡ ᠡᠮ ᠤᠨ ᠵᠦᠢᠯ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠠᠷᠢᠯᠴᠠᠨ ᠮᠡᠳᠡᠭᠡᠯᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃      4. ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠷᠢᠯᠴᠠᠵᠤ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      5. ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠵᠦᠢᠯ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃      ᠳᠥᠷᠪᠡᠳᠦᠭᠡᠷ ᠵᠦᠢᠯ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠠᠮᠤᠷ ᠲᠦᠪᠰᠢᠨ᠂ ᠨᠢᠭᠤᠴᠠ  ᠶᠢ ᠬᠠᠮᠠᠭᠠᠯᠠᠬᠤ ᠂ ᠵᠠᠬᠢᠳᠠᠯ ᠰᠣᠷᠪᠤᠯᠵᠢᠯᠠᠭ᠎ᠠ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠠᠶᠢᠭᠤᠯᠭ᠎ᠠ ᠶᠢᠨ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠬᠠᠷᠢᠭᠤᠴᠠᠨ ᠭᠦᠢᠴᠡᠳᠬᠡᠨ᠎ᠡ᠃      ︵ᠬᠤᠶᠠᠷ︶ ᠬᠠᠤᠯᠢ ᠲᠣᠭᠲᠠᠭᠠᠯ ᠤᠨ ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃      ︵ᠭᠤᠷᠪᠠ︶ ᠠᠵᠢᠯᠲᠠᠨ ᠤ ᠶᠠᠪᠤᠳᠠᠯ ᠤᠨ ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠭᠵᠢᠭᠦᠯᠬᠦ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯᠲᠡᠨ ᠤ ᠬᠢᠷᠢ ᠬᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃      ︵ᠳᠥᠷᠪᠡ︶ ᠡᠳ᠋ ᠤᠨ ᠶᠠᠪᠤᠳᠠᠯ ᠤᠨ ᠰᠠᠯᠠᠭ᠎ᠠ᠃ ᠪᠠᠶᠢᠭᠤᠯᠭ᠎ᠠ ᠪᠠ ᠲᠥᠰᠥᠪ ᠤᠨ ᠬᠠᠮᠢᠶᠠᠷᠤᠯᠲᠠ ᠶᠢᠨ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃      ︵ᠲᠠᠪᠤ︶ ᠲᠥᠯᠥᠪᠵᠢᠭᠦᠯᠭᠡ ᠬᠥᠭᠵᠢᠯᠲᠡ ᠪᠠ ᠮᠡᠳᠡᠭᠡ ᠵᠠᠩᠭᠢ ᠶᠢᠨ ᠰᠠᠯᠠᠭ᠎ᠠ᠃ ᠡᠷᠡᠭᠦᠯ ᠡᠩᠬᠡ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠭ᠎ᠠ ᠪᠦᠷᠢᠳᠬᠡᠯ ᠤᠨ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠯᠠᠭ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ ᠠᠵᠢᠯ ᠢ ᠡᠭᠦᠷᠭᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃      ︵ᠳᠣᠯᠤᠭ᠎ᠠ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ᠃ ᠪᠥᠬᠦ ᠬᠤᠲᠠ ᠶᠢᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠳᠠᠷᠬᠠᠯᠠᠭ᠎ᠠ ᠶᠢᠨ ᠲᠥᠯᠦᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠳᠤ ᠣᠷᠣᠯᠴᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠤᠷᠢᠶ᠎ᠠ ᠶᠢᠨ ᠠᠯᠪᠠᠨ ᠭᠡᠷ ᠤᠨ ᠡᠳᠦᠷ ᠲᠣᠲᠣᠮ ᠤᠨ ᠠᠵᠢᠯ ᠢ ᠡᠭᠦᠷᠭᠡᠯᠡᠨ᠎ᠡ᠃      ︵ᠨᠠᠢᠮᠠ︶ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ᠃ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠭᠡᠨ᠂ ᠡᠮᠴᠢᠯᠡᠭᠡᠨ ᠤ ᠶᠠᠰᠤ ᠴᠢᠨᠠᠷ ᠪᠠ ᠠᠶᠤᠯᠭᠦᠢ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ᠂ ᠪᠠᠷᠢᠮᠵᠢᠶ᠎ᠠ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ ᠡᠭᠦᠷᠭᠡᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠯᠠᠭᠠᠨ ᠢ ᠬᠢᠨᠠᠨ ᠬᠠᠮᠢᠶᠠᠷᠬᠤ᠂ ᠠᠮᠵᠢᠯᠲᠠ ᠪᠦᠲᠦᠮᠵᠢ ᠶᠢ ᠦᠨᠡᠯᠡᠬᠦ ᠪᠠ ᠬᠢᠨᠠᠨ ᠰᠢᠯᠭᠠᠬᠤ ᠳᠦᠷᠢᠮ ᠢ ᠲᠤᠭᠤᠷᠪᠢᠨ ᠲᠣᠭᠲᠠᠭᠠᠨ᠎ᠠ᠃      ︵ᠶᠢᠰᠦ︶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠ︶ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠃ ᠭᠡᠨᠡᠳᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠠᠵᠢᠯ ᠢ ᠬᠠᠷᠢᠭᠤᠴᠠᠵᠤ᠂ ᠲᠤᠰᠬᠠᠢ ᠵᠦᠢᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ ᠥᠷᠨᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ᠃      ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠰᠠᠯᠠᠭ᠎ᠠ᠃ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠶᠤᠯᠭᠦᠢ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠮᠨᠡᠯᠭᠡ ᠳᠤ ᠰᠠᠭᠤᠬᠤ ᠡᠮᠴᠢ᠂ ᠲᠤᠰᠬᠠᠢ ᠮᠡᠷᠭᠡᠵᠢᠯ ᠤᠨ ᠡᠮᠴᠢ ᠶᠢᠨ ᠪᠣᠯᠪᠠᠰᠤᠷᠠᠭᠤᠯᠤᠯ ᠵᠡᠷᠭᠡ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠢ ᠬᠠᠮᠵᠢᠯᠴᠠᠨ ᠵᠢᠯᠣᠭᠤᠳᠤᠨ᠎ᠠ᠃      ︵ᠠᠷᠪᠠᠨ ᠬᠤᠶᠠᠷ︶ ᠡᠷᠡᠭᠦᠯ ᠮᠡᠨᠳᠦ ᠶᠢᠨ ᠤᠬᠠᠭᠤᠯᠭ᠎ᠠ ᠶᠢᠨ ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠨᠢᠨ ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃      ︵ᠠᠷᠪᠠᠨ ᠭᠤᠷᠪᠠ︶ ᠶᠡᠷᠦᠩᠬᠡᠶᠢᠯᠡᠭᠰᠡᠨ ᠬᠢᠨᠠᠯᠲᠠ ᠶᠢᠨ ᠰᠠᠯᠠᠭ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠢᠳᠡᠬᠦ ᠤᠰᠤᠨ ᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃      ︵ᠠᠷᠪᠠᠨ ᠳᠥᠷᠪᠡ︶ ᠢᠳᠡᠭᠡᠨ ᠤ ᠠᠶᠤᠯᠭᠦᠢ ᠬᠢᠭᠡᠳ ᠡᠮ ᠤᠨ ᠵᠦᠢᠯ ᠤᠨ ᠲᠥᠷᠥ ᠶᠢᠨ ᠪᠣᠳᠣᠯᠭ᠎ᠠ ᠶᠢᠨ ᠰᠠᠯᠠᠭ᠎ᠠ᠃ ᠢᠳᠡᠭᠡᠨ ᠤ ᠠᠶᠤᠯᠭᠦᠢ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠮᠥᠷᠳᠡᠵᠦ ᠦᠨᠡᠯᠡᠬᠦ ᠠᠵᠢᠯ ᠢ ᠥᠷᠨᠢᠭᠦᠯᠦᠨ᠎ᠡ᠃ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠬᠢᠨᠠᠨ ᠬᠡᠮᠵᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃      ︵ᠠᠷᠪᠠᠨ ᠲᠠᠪᠤ︶ ᠡᠬᠡ ᠨᠢᠯᠬᠠᠰ ᠤᠨ ᠡᠷᠡᠭᠦᠯ ᠮᠡᠨᠳᠦ ᠶᠢᠨ ᠰᠠᠯᠠᠭ᠎ᠠ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ᠂ ᠬᠥᠮᠥᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠬᠠᠮᠢᠶᠠᠷᠤᠯᠲᠠ ᠪᠠ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃       ︵ᠠᠷᠪᠠᠨ ᠵᠢᠷᠭᠤᠭ᠎ᠠ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠰᠠᠯᠠᠭ᠎ᠠ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠠᠵᠢᠭᠯᠠᠬᠤ᠂ ᠲᠤᠰᠬᠠᠢ ᠵᠦᠢᠯ ᠤᠨ ᠪᠠᠶᠢᠴᠠᠭᠠᠯᠲᠠ᠂ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠠᠵᠢᠯ ᠮᠡᠷᠭᠡᠵᠢᠯ ᠤᠨ ᠬᠥᠮᠥᠰ ᠤᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠠᠵᠢᠯ ᠤᠨ ᠨᠥᠯᠥᠭᠡᠨ  ᠤ ᠡᠪᠡᠳᠴᠢᠨ  ᠢ ᠰᠡᠷᠭᠡᠶᠢᠯᠡᠨ ᠵᠠᠰᠠᠬᠤ ᠠᠵᠢᠯ  ᠢ ᠵᠣᠬᠢᠴᠠᠭᠤᠯᠤᠨ ᠥᠷᠨᠢᠭᠦᠯᠦᠨ᠎ᠡ᠃       ︵ᠠᠷᠪᠠᠨ ᠳᠣᠯᠤᠭ᠎ᠠ︶ ᠬᠥᠮᠥᠨ ᠠᠮᠠ ᠶᠢᠨ ᠬᠢᠨᠠᠨ ᠬᠡᠮᠵᠢᠯᠲᠡ ᠬᠢᠭᠡᠳ ᠭᠡᠷ ᠪᠦᠯᠢ ᠶᠢᠨ ᠬᠥᠭᠵᠢᠯᠲᠡ ᠶᠢᠨ ᠰᠠᠯᠠᠭ᠎ᠠ᠃ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠳᠡᠮᠵᠢᠨ ᠲᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢ ᠳᠡᠮᠵᠢᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ ᠃ ᠨᠠᠰᠤᠵᠢᠯᠲᠠ ᠶᠢ ᠠᠷᠭᠠᠴᠠᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠠᠷᠪᠠᠨ ᠨᠠᠢᠮᠠ︶ ᠺᠠᠳ᠋ᠷᠴᠤᠳ ᠤᠨ ᠡᠷᠡᠭᠦᠯᠵᠢᠯ ᠤᠨ ᠰᠠᠯᠠᠭ᠎ᠠ᠃ ᠬᠤᠳᠠ ᠶᠢᠨ ᠡᠷᠡᠭᠦᠯᠵᠢᠯ ᠤᠨ ᠡᠲᠡᠭᠡᠳ ᠤᠨ ᠡᠷᠡᠭᠦᠯᠵᠢᠯ ᠪᠠ ᠡᠷᠡᠭᠦᠯ ᠮᠡᠨᠳᠦ ᠶᠢᠨ ᠤᠴᠢᠷ ᠢ ᠤᠷᠢᠳᠴᠢᠯᠠᠨ ᠰᠡᠷᠭᠡᠶᠢᠯᠡᠬᠦ ᠠᠵᠢᠯ ᠢ ᠬᠠᠷᠢᠭᠤᠴᠠᠵᠤ᠂ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠ ᠶᠢᠰᠦ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ ᠪᠠ ᠡᠮᠴᠢᠯᠡᠭᠡᠨ ᠳᠤ ᠬᠡᠷᠡᠭᠯᠡᠬᠦ ᠡᠮ ᠤᠨ ᠬᠠᠮᠢᠶᠠᠷᠤᠯᠲᠠ᠂ ᠦᠨᠡᠯᠡᠯᠲᠡ ᠶᠢ ᠬᠠᠷᠢᠭᠤᠴᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠭᠡᠷᠡᠴᠢᠯᠡᠯᠲᠡ ᠬᠥᠭᠵᠢᠯᠲᠡ ᠪᠠ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠵᠢᠯᠣᠭᠤᠳᠤᠨ᠎ᠠ᠃      ︵ᠬᠤᠷᠢ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠬᠥᠭᠵᠢᠭᠦᠯᠬᠦ ᠰᠠᠯᠠᠭ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠯᠪᠠᠯᠠᠬᠤ᠂ ᠲᠥᠯᠦᠪᠵᠢᠭᠦᠯᠭᠡ ᠡᠳ᠋ ᠤᠨ ᠶᠠᠪᠤᠳᠠᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠶᠡᠷᠦᠩᠬᠡᠶᠢᠯᠡᠭᠰᠡᠨ ᠬᠢᠨᠠᠯᠲᠠ ᠲᠠᠯᠪᠢᠬᠤ᠂ ᠰᠣᠶᠣᠯ ᠤᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ᠂ ᠡᠷᠡᠭᠦᠯ ᠮᠡᠨᠳᠦ ᠶᠢᠨ ᠠᠬᠢᠭᠤᠯᠤᠯ ᠵᠢᠴᠢ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠣᠯ᠂ ᠡᠮᠨᠡᠯᠭᠡ ᠶᠢᠨ ᠮᠡᠷᠭᠡᠵᠢᠯ ᠪᠠ ᠡᠮ ᠤᠨ ᠵᠦᠢᠯ ᠢ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠶᠢ ᠬᠠᠷᠢᠭᠤᠴᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠬᠥᠮᠥᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠤᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠬᠡᠷᠡᠭᠯᠡᠬᠦ᠂ ᠳᠡᠯᠭᠡᠷᠡᠭᠦᠯᠬᠦ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠮᠢᠶᠠᠷᠤᠨ᠎ᠠ᠃      ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠬᠤᠷᠢᠶ᠎ᠠ ᠶᠢᠨ ᠠᠯᠪᠠᠨ ᠭᠡᠷ᠃ ᠪᠥᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠬᠤᠳᠠ ᠶᠢᠨ ᠲᠤᠰ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠪᠦᠯᠬᠦᠮ ᠨᠡᠶᠢᠲᠡ ᠵᠡᠷᠭᠡ ᠠᠵᠢᠯ ᠢ ᠬᠠᠷᠢᠭᠤᠴᠠᠨ᠎ᠠ᠃       ᠲᠠᠪᠤᠳᠤᠭᠠᠷ ᠵᠦᠢᠯ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 54 ᠬᠥᠮᠥᠨ᠃ ᠡᠷᠬᠢᠯᠡᠭᠴᠢ 1᠂ ᠳᠡᠳ᠋ ᠡᠷᠬᠢᠯᠡᠭᠴᠢ 3︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 47 ︵25 ᠵᠢᠩᠬᠢᠨᠢ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠬᠢᠨᠠᠨ ᠪᠠᠶᠢᠴᠠᠭᠠᠭᠴᠢ 3 ᠬᠥᠮᠥᠨ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ᠂ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ ᠲᠣᠰ ᠲᠣᠰ 1 ᠬᠥᠮᠥᠨ ᠪᠠᠭᠲᠠᠨ᠎ᠠ︶ 22 ᠳᠡᠳ᠋ ︵ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ  ᠲᠤᠰ ᠲᠤᠰ 1 ᠬᠥᠮᠥᠨ ᠪᠠᠭᠲᠠᠨ᠎ᠠ︶᠃      ᠵᠢᠷᠭᠤᠳᠤᠭᠠᠷ ᠵᠦᠢᠯ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃      ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠬᠤᠶᠢᠲᠤ ᠵᠠᠮ ᠤᠨ ᠡᠷᠡᠭᠦᠯᠵᠢᠯ ᠵᠡᠭᠡᠯᠢ ᠶᠢᠨ 28 ᠨᠣᠮᠧᠷᠲᠤ ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9:00-12:00᠂ ᠦᠳᠡ ᠶᠢᠨ ᠬᠤᠶᠢᠨ᠎ᠠ 1:30-5:00ᠤᠲᠠᠰᠤ᠄ 0471-4606262ᠬᠠᠷᠢᠭᠤᠴᠠᠯᠭᠠᠲᠠᠨ᠄ ᠾᠧᠦ ᠢᠦᠢ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ