ᠰᠤᠶᠤᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
ᠨᠡᠶᠢᠲᠡᠯᠡᠭᠰᠡᠨ ᠴᠠᠭ᠄
2019/3/4
  ᠬᠦᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄   ︵ᠨᠢᠭᠡ︶ ᠪᠥᠬᠦ ᠬᠤᠲᠠ ᠶᠢᠨ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ ᠤ ᠬᠠᠮᠢᠶᠠᠷᠤᠯᠲᠠ᠂ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ᠎ᠠ᠃ ᠷᠠᠳᠢᠣ᠋ ᠲᠧᠯᠸᠢᠰ ᠤᠨ ᠹᠷᠣᠨᠲ ᠤᠨ ᠷᠠᠳᠢᠣ᠋ ᠲᠧᠯᠸᠢᠰ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠳᠠᠮᠵᠢᠭᠤᠯᠭ᠎ᠠ᠂ ᠨᠡᠪᠲᠡᠷᠡᠭᠦᠯᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃   ︵ᠬᠤᠶᠠᠷ︶ ᠰᠣᠶᠣᠯ᠂ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠣᠭᠲᠠᠭᠠᠯ ᠶᠣᠰᠣᠭᠠᠷ ᠬᠠᠷᠢᠭᠤᠴᠠᠨ ᠲᠤᠭᠤᠷᠪᠢᠨ᠎ᠠ᠃ ᠰᠣᠶᠣᠯ ᠤᠨ ᠦᠶᠯᠡᠰ᠂ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ  ᠤ ᠬᠠᠮᠢᠶᠠᠷᠤᠯᠲᠠ ᠶᠢᠨ ᠬᠠᠤᠯᠢ ᠲᠣᠭᠲᠠᠭᠠᠯ᠂ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ  ᠶᠢ ᠬᠠᠷᠢᠭᠤᠴᠠᠨ᠎ᠠ᠃ ᠪᠦᠬᠦ ᠬᠤᠲᠠ ᠶᠢᠨ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ ᠤᠨ ᠬᠦᠷᠢᠶ᠎ᠡ ᠬᠡᠪᠴᠢᠶᠡᠨ ᠳᠠᠬᠢ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃   ︵ᠭᠤᠷᠪᠠ︶ ᠪᠥᠬᠦ ᠬᠤᠲᠠ ᠶᠢᠨ ᠴᠢᠨᠠᠷᠲᠠᠶ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠬᠠᠮᠢᠶᠠᠷᠴᠤ᠂ ᠭᠤᠤᠯᠳᠠᠯᠭ᠎ᠠ ᠲᠠᠢ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠪᠥᠬᠦ ᠬᠤᠲᠠ ᠶᠢᠨ ᠰᠣᠶᠣᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ  ᠶᠢ ᠵᠣᠬᠢᠶᠠᠨ ᠪᠠᠶᠢᠭᠤᠯᠤᠨ᠎ᠠ᠃ ᠰᠣᠶᠣᠯ ᠤᠨ ᠠᠵᠤ ᠦᠶᠯᠡᠰ᠂ ᠵᠢᠭᠤᠯᠴᠢᠯᠠᠯ ᠤᠨ ᠠᠵᠤ ᠦᠢᠯᠡᠰ ᠤᠨ ᠭᠠᠳᠠᠭᠠᠳᠤ ᠬᠠᠮᠲᠤᠷᠠᠯᠴᠠᠭ᠎ᠠ ᠪᠣᠯᠣᠨ ᠵᠠᠬ᠎ᠠ ᠳᠡᠯᠭᠡᠭᠦᠷ  ᠤᠨ ᠳᠡᠯᠭᠡᠷᠡᠭᠦᠯᠦᠯᠲᠡ ᠶᠢ ᠠᠬᠢᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠤᠨ᠎ᠠ᠃     ︵ᠳᠥᠷᠪᠡ︶ ᠤᠳᠬ᠎ᠠ ᠤᠷᠠᠯᠢᠭ ᠤᠨ ᠦᠶᠯᠡᠰ ᠢ ᠵᠢᠯᠣᠭᠤᠳᠴᠤ ᠬᠠᠮᠢᠶᠠᠷᠤᠨ᠎ᠠ᠃  ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠬᠦ ᠪᠠ ᠦᠢᠯᠡᠳᠬᠦ ᠶᠢ ᠵᠢᠯᠣᠭᠤᠳᠴᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠬᠠᠷᠠᠭᠤᠯᠤᠭᠰᠠᠨ᠂ ᠬᠥᠲᠥᠯᠥᠨ ᠵᠢᠯᠣᠭᠤᠳᠬᠤ ᠴᠢᠨᠠᠷᠲᠠᠢ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠠᠮᠵᠢᠵᠤ᠂ ᠡᠯ᠎ᠡ ᠲᠥᠷᠥᠯ ᠵᠦᠢᠯ ᠤᠨ ᠤᠷᠠᠯᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃   ︵ᠲᠠᠪᠤ︶ ᠪᠦᠬᠦ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ  ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠶᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠦᠬᠦ ᠬᠤᠲᠠ ᠶᠢᠨ ᠷᠠᠳᠢᠣ᠋ ᠲᠧᠯᠸᠢᠰ ᠤᠨ ᠬᠦᠷᠢᠶ᠎ᠡ ᠬᠡᠪᠴᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠷᠠᠳᠢᠣ᠋ ᠲᠧᠯᠸᠢᠰ ᠤᠨ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠷᠠᠳᠢᠣ᠋ ᠲᠧᠯᠸᠢᠰ ᠤᠨ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠲᠡᠳᠬᠦᠨ ᠳᠠᠮᠵᠢᠨ᠎ᠠ᠃ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ ᠮᠦᠽᠧᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ ᠮᠦᠽᠧᠢ ᠶᠢᠨ ᠲᠤᠬᠠᠶᠢᠯᠠᠭᠰᠠᠨ ᠠᠵᠢᠯ ᠢ ᠵᠢᠯᠣᠭᠤᠳᠴᠤ᠂ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠴᠠᠭᠤᠯᠤᠨ᠎ᠠ᠃   ︵ᠵᠢᠷᠭᠤᠭ᠎ᠠ︶ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠬᠥᠭᠵᠢᠯᠲᠡ ᠶᠢ ᠵᠢᠯᠣᠭᠤᠳᠤᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠬᠤᠲᠠ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠤᠨ ᠳᠠᠮᠵᠢᠯᠭᠠᠨ ᠤ ᠪᠦᠷᠬᠦᠴᠡ᠂ ᠬᠢᠨᠠᠨ ᠬᠡᠮᠵᠢᠯᠲᠡ ᠪᠠ ᠠᠶᠤᠯ ᠦᠭᠡᠢ ᠨᠡᠪᠲᠡᠷᠡᠭᠦᠯᠭᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠡᠦᠬᠡ ᠶᠢᠨ ᠳᠤᠷᠠᠰᠬᠠᠯᠲᠤ ᠵᠦᠶᠯ ᠪᠣᠯᠣᠨ ᠮᠦᠽᠧᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢᠵᠢᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠬᠦ ᠶᠢ ᠠᠬᠢᠭᠤᠯᠤᠨ᠎ᠠ᠃   ︵ᠳᠣᠯᠤᠭ᠎ᠠ︶ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃    ︵ᠨᠠᠶᠮᠠ︶ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ ᠠᠵᠤ ᠦᠶᠯᠡᠰ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠰᠣᠶᠣᠯ ᠪᠣᠯᠤᠨ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ  ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠳᠡᠯᠡᠬᠡᠶ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶᠂ ᠤᠯᠠᠮᠵᠢᠯᠠᠯᠲᠤ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃   ︵ᠶᠢᠰᠦ︶ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ ᠪᠠ ᠵᠢᠭᠤᠯᠴᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠤᠨ᠎ᠠ᠃   ︵ᠠᠷᠪᠠ︶ ᠪᠦᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠤᠨ᠎ᠠ᠃ ᠪᠦᠷᠢᠨ ᠴᠢᠨᠠᠷ ᠪᠦᠬᠦᠢ᠂ ᠣᠷᠣᠨ ᠪᠦᠰᠡ ᠠᠯᠤᠰᠯᠠᠭᠰᠠᠨ ᠰᠣᠶᠣᠯ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠵᠦ᠂ ᠴᠢᠬᠤᠯᠠ ᠶᠡᠭᠡ ᠬᠡᠷᠡᠭ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠶᠳᠪᠦᠷᠢᠯᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠲᠡᠦᠬᠡ  ᠶᠢᠨ ᠳᠤᠷᠠᠰᠬᠠᠯᠲᠤ ᠵᠦᠶᠯᠡᠰ ᠤᠨ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠶᠳᠪᠦᠷᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠶᠯᠡᠰ ᠤᠨ ᠶᠠᠯᠠᠲᠤ ᠬᠡᠷᠡᠭ ᠢ ᠪᠠᠶᠢᠴᠠᠭᠠᠨ ᠰᠢᠶᠳᠪᠦᠷᠢᠯᠡᠨ᠎ᠡ᠃    ︵ᠠᠷᠪᠠᠨ ᠨᠢᠭᠡ  ︶ ᠰᠣᠶᠣᠯ ᠪᠠ ᠵᠢᠭᠤᠯᠴᠢᠯᠠᠯ ᠢ ᠵᠢᠯᠣᠭᠤᠳᠤᠨ ᠬᠠᠮᠢᠶᠠᠷᠴᠤ ᠭᠠᠳᠠᠭᠠᠳᠤ ᠬᠢᠭᠡᠳ ᠰᠦᠯᠵᠢᠶᠡᠨ ᠤ ᠰᠣᠯᠢᠯᠴᠠᠭ᠎ᠠ ᠬᠢᠵᠦ ᠬᠤᠷᠰᠢᠯᠴᠠᠬᠤ ᠪᠠ ᠤᠬᠠᠭᠤᠯᠤᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠰᠣᠶᠣᠯ ᠪᠠ ᠵᠢᠭᠤᠯᠴᠢᠯᠠᠯ ᠤᠨ ᠭᠠᠳᠠᠭᠠᠳᠤ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ  ᠯᠤᠭ᠎ᠠ ᠶᠢᠨ ᠰᠣᠯᠢᠯᠴᠠᠭ᠎ᠠ ᠬᠢᠬᠦ ᠲᠣᠮᠣ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠷᠠᠳᠢᠣ᠋ ᠲᠧᠯᠸᠢᠰ ᠤᠨ ᠭᠠᠳᠠᠭᠰᠢ ᠳᠠᠮᠵᠢᠭᠤᠯᠬᠤ ᠴᠢᠳᠠᠪᠤᠷᠢ  ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠦᠭᠷᠡᠮ ᠢ ᠭᠠᠳᠠᠭᠠᠳᠤ ᠠᠴᠠ ᠣᠷᠣᠭᠤᠯᠬᠤ᠂ ᠬᠤᠷᠢᠶᠠᠨ ᠰᠢᠩᠭᠡᠭᠡᠬᠦ ᠪᠠ ᠬᠠᠮᠢᠶᠠᠷᠬᠤ ᠶᠢ ᠬᠠᠷᠢᠭᠤᠴᠠᠨ᠎ᠠ᠃ ᠲᠡᠦᠬᠡ ᠶᠢᠨ ᠳᠤᠷᠠᠰᠬᠠᠯᠲᠤ ᠵᠦᠶᠯ ᠪᠠ ᠮᠦᠽᠧᠶ ᠶᠢᠨ ᠭᠠᠳᠠᠭᠠᠳᠤ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠲᠡᠦᠬᠡ ᠶᠢᠨ ᠳᠤᠷᠠᠰᠬᠠᠯᠲᠤ ᠵᠦᠶᠯ ᠤᠨ ᠰᠣᠯᠢᠯᠴᠠᠭ᠎ᠠ ᠬᠢᠭᠡᠳ ᠬᠤᠷᠰᠢᠯᠴᠠᠭ᠎ᠠ ᠬᠢᠬᠦ ᠶᠢ ᠨᠢ ᠬᠠᠮᠢᠶᠠᠷᠤᠨ ᠵᠢᠯᠣᠭᠤᠳᠴᠣ᠂ ᠲᠡᠦᠬᠡ ᠶᠢᠨ ᠳᠤᠷᠠᠰᠬᠠᠯᠲᠤ ᠵᠦᠶᠯ ᠢ ᠬᠢᠯᠢ ᠪᠠᠷ ᠣᠷᠣᠭᠤᠯᠵᠤ ᠭᠠᠷᠭᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃   ︵ᠠᠷᠪᠠᠨ ᠬᠤᠶᠠᠷ︶ ᠪᠥᠬᠦ ᠬᠤᠲᠠ ᠶᠢᠨ ᠷᠠᠳᠢᠣ᠋ ᠲᠧᠯᠸᠢᠰ ᠤᠨ ᠬᠦᠷᠢᠶ᠎ᠡ ᠴᠠᠷᠠᠭᠠᠨ ᠳᠠᠬᠢ ᠠᠵᠤ ᠦᠢᠯᠡᠰ ᠤᠨ ᠬᠥᠭᠵᠢᠯᠲᠡ ᠶᠢ ᠵᠢᠯᠣᠭᠤᠳᠴᠤ ᠵᠣᠬᠢᠴᠠᠭᠤᠯᠤᠨ ᠠᠬᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠡᠯ᠎ᠡ ᠲᠥᠷᠥᠯ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠬᠢᠵᠦ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠨ᠎ᠡ᠃ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ᠂ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠠᠭᠤᠯᠭ᠎ᠠ ᠪᠠ ᠶᠠᠰᠤ ᠴᠢᠨᠠᠷ ᠢ ᠬᠢᠨᠠᠨ ᠬᠠᠮᠢᠶᠠᠷᠬᠤ ᠪᠠ ᠬᠢᠨᠠᠨ ᠪᠠᠶᠢᠴᠠᠭᠠᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠨᠡᠪᠲᠡᠷᠡᠭᠦᠯᠬᠦ ᠶᠢ ᠵᠢᠯᠣᠭᠤᠳᠴᠤ᠂ ᠬᠢᠨᠠᠨ ᠬᠠᠮᠢᠶᠠᠷᠤᠨ᠎ᠠ᠃ ᠪᠥᠬᠦ ᠬᠤᠲᠠ ᠶᠢᠨ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠷᠠᠳᠢᠣ᠋ ᠲᠧᠯᠸᠢᠰ ᠤᠨ ᠰᠦᠯᠵᠢᠶ᠎ᠡ ᠬᠢᠭᠡᠳ ᠴᠠᠬᠢᠯᠭᠠᠨ ᠬᠤᠯᠪᠣᠭᠠᠨ ᠤ ᠰᠦᠯᠵᠢᠶ᠎ᠡ᠂ ᠢᠨᠲ᠋ᠧᠷ ᠰᠦᠯᠵᠢᠶ᠎ᠡ ᠭᠤᠷᠪᠠᠨ ᠰᠦᠯᠵᠢᠶᠡᠨ ᠤ ᠠᠭᠤᠰᠤᠯᠴᠠᠯ ᠢ ᠠᠬᠢᠭᠤᠯᠬᠤ ᠶᠢ ᠬᠠᠷᠢᠭᠤᠴᠠᠨ᠎ᠠ᠃   ︵ᠠᠷᠪᠠᠨ ᠭᠤᠷᠪᠠ︶ ᠪᠥᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ ᠶᠢᠨ ᠠᠵᠢᠯ ᠢ ᠬᠠᠷᠢᠭᠤᠴᠠᠨ ᠵᠢᠯᠣᠭᠤᠳᠬᠤ ᠪᠠ ᠬᠠᠮᠢᠶᠠᠷᠴᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠲᠦᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠱᠠᠲᠤᠨ ᠤ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠢᠶ᠎ᠠ ᠪᠦᠬᠦᠢ ᠠᠵᠢᠯ ᠢ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠶᠢ ᠡᠭᠦᠷᠭᠡᠯᠡᠨ᠎ᠡ᠃ ᠲᠡᠦᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠲᠡᠦᠬᠡ ᠶᠢᠨ ᠳᠤᠷᠠᠰᠬᠠᠯᠲᠤ ᠵᠦᠶᠯ ᠪᠠ ᠮᠦᠽᠧᠶ ᠶᠢᠨ ᠬᠤᠯᠪᠣᠭᠳᠠᠯ ᠪᠦᠬᠦᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃   ︵ᠠᠷᠪᠠᠨ ᠳᠥᠷᠪᠡᠨ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃   ︵ᠠᠷᠪᠠᠨ ᠲᠠᠪᠤ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ