ᠬᠦᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ | ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠪᠠ ᠪᠣᠭᠤᠮᠲᠠ ᠶᠢᠨ | ᠬᠠᠮᠢᠶᠠᠷᠤᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ | ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠪᠠ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠭᠦᠶᠯᠭᠡᠭᠡᠨ᠂ ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠪᠣᠯᠤᠨ ᠪᠣᠭᠤᠮᠲᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠭᠦᠶᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ ᠲᠦᠯᠬᠢᠨ ᠠᠬᠢᠭᠤᠯᠵᠤ᠂ ᠬᠤᠳᠠᠯᠳᠤᠭ᠎ᠠ | ᠠᠷᠠᠯᠵᠢᠶᠠᠨ ᠤ ᠦᠶᠯᠡᠴᠢᠯᠡᠭᠡᠨ ᠤ ᠦᠶᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ | ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠶᠯᠭᠡᠭᠡᠨ | ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠲᠠᠢ ᠡᠵᠡᠩᠨᠡᠯᠲᠡ᠂ ᠪᠠᠷᠠᠭ᠎ᠠ ᠶᠢᠨ ᠭᠦᠶᠯᠭᠡᠭᠡᠨ ᠤ | ᠲᠤᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠢᠯᠭᠡᠭᠡ ᠶᠢᠨ ᠠᠷᠭ᠎ᠠ ᠮᠠᠶ᠋ᠢᠭ ᠤᠨ ᠬᠥᠭᠵᠢᠯᠲᠡ ᠶᠢ | ᠲᠦᠯᠬᠢᠨ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠲᠠ | ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠶᠡᠭᠡ ᠬᠡᠮᠵᠢᠶᠡᠨ ᠤ ᠦᠶᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠥᠯᠥᠪᠵᠢᠭᠦᠯᠭᠡ ᠪᠣᠯᠤᠨ ᠬᠤᠲᠠ ᠶᠢᠨ ᠬᠤᠳᠠᠯᠳᠤᠭᠠᠨ ᠤ ᠲᠣᠤᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡ ᠶᠢᠨ ᠲᠣᠤᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ᠃ | ︵ᠳᠥᠷᠪᠡ︶ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠᠯᠳᠤᠭᠠᠨ ᠤ | ᠢᠲᠡᠭᠡᠮᠵᠢ ᠶᠢᠨ ᠪᠣᠷᠣᠯᠠᠭᠤᠯᠭ᠎ᠠ ᠶᠢ ᠠᠬᠢᠭᠤᠯᠤᠨ᠎ᠠ᠃ ᠣᠨᠴᠠᠭᠠᠢ ᠭᠦᠢᠯᠭᠡᠭᠡ ᠶᠢᠨ ᠠᠵᠢᠯ ᠲᠥᠷᠥᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠢᠨᠠᠨ ᠬᠠᠮᠢᠶᠠᠷᠤᠨ᠎ᠠ᠃ | ︵ᠲᠠᠪᠤ︶ ᠪᠦᠬᠦ ᠬᠤᠲᠠ ᠶᠢᠨ ᠴᠢᠬᠤᠯᠠ ᠬᠡᠷᠡᠭᠯᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠪᠠ ᠴᠢᠬᠤᠯᠠ ᠦᠶᠯᠡᠳᠪᠦᠷᠢᠯᠡᠯ | ᠤᠨ ᠮᠠᠲ᠋ᠧᠷᠢᠶᠠᠯ ᠤᠨ ᠭᠦᠢᠯᠭᠡᠭᠡ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠲᠦ ᠪᠠᠷᠠᠭ᠎ᠠ ᠶᠢᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠠᠵᠢᠯᠯᠠᠭᠠᠨ᠂ | ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠲᠦᠰᠦᠭᠡᠯᠡᠨ | ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠣᠨ᠎ᠠ᠃ ᠮᠢᠬᠠᠨ ᠤ ᠵᠦᠶᠯ ᠵᠡᠷᠭᠡ ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡᠯᠡᠨ | ᠬᠠᠮᠢᠶᠠᠷᠬᠤ ᠪᠠ ᠵᠠᠬ᠎ᠠ ᠳᠡᠯᠭᠡᠭᠦᠷ ᠤᠨ ᠲᠤᠬᠢᠷᠠᠭᠤᠯᠤᠨ ᠡᠵᠡᠮᠳᠡᠬᠦ ᠠᠵᠢᠯ ᠢ ᠬᠠᠷᠢᠭᠤᠴᠠᠨ᠎ᠠ᠃ ᠬᠡᠷᠡᠭᠯᠡᠭᠡᠨ ᠤ ᠲᠣᠰᠣᠨ ᠤ ᠭᠦᠶᠯᠭᠡᠭᠡ ᠳᠤ ᠬᠠᠤᠯᠢ ᠶᠣᠰᠣᠭᠠᠷ | ᠬᠢᠨᠠᠯᠲᠠ ᠬᠠᠮᠢᠶᠠᠷᠤᠯᠲᠠ ᠬᠢᠨ᠎ᠡ᠃ | ︵ᠵᠢᠷᠭᠤᠭ᠎ᠠ︶ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ | ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠤᠯᠤᠰ ᠤᠨ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠤᠨ | ᠭᠠᠳᠠᠭᠠᠳᠤ ᠣᠷᠣᠭᠤᠯᠤᠯᠲᠠ ᠭᠠᠷᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠭᠠᠳᠠᠭᠠᠳᠤ ᠳᠤ ᠵᠣᠷᠢᠭᠤᠯᠤᠭᠰᠠᠨ | ᠲᠧᠭᠨᠢᠭ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠵᠢᠴᠢ ᠲᠧᠭᠨᠢᠭ ᠮᠡᠷᠭᠡᠵᠢᠯ ᠪᠠ ᠢᠵᠢ ᠪᠦᠷᠢᠳᠦᠭᠦᠯᠦᠭᠰᠡᠨ ᠲᠣᠨᠤᠭ | ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠦ ᠶᠢᠨ ᠪᠣᠳᠣᠯᠭ᠎ᠠ ᠪᠠ | ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ | ᠶᠢ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠭᠠᠳᠠᠭᠠᠳᠤ ᠠᠴᠠ ᠲᠧᠭᠨᠢᠭ ᠮᠡᠷᠭᠡᠵᠢᠯ ᠣᠷᠣᠭᠤᠯᠬᠤ᠂ ᠲᠣᠨᠤᠭ ᠲᠥᠬᠦᠭᠡᠷᠦᠮᠵᠢ ᠶᠢ ᠭᠠᠳᠠᠭᠠᠳᠤ | ᠠᠴᠠ ᠣᠷᠣᠭᠤᠯᠬᠤ᠂ ᠤᠯᠤᠰ ᠤᠨ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠲᠧᠭᠨᠢᠭ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | | ︵ᠳᠣᠯᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠶᠯᠡᠴᠢᠯᠡᠭᠡ ᠶᠢ | ᠭᠠᠳᠠᠭᠠᠳᠤ ᠳᠤ ᠭᠠᠷᠭᠠᠬᠤ᠂ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢ ᠠᠬᠢᠭᠤᠯᠬᠤ ᠤᠯᠤᠰ ᠤᠨ ᠲᠥᠯᠥᠪᠵᠢᠭᠦᠯᠭᠡ᠂ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠶᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠬᠤᠷᠠᠯ ᠦᠵᠡᠰᠬᠦᠯᠡᠩ ᠤᠨ ᠦᠶᠯᠡᠰ ᠢ | ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠳᠣᠲᠣᠷ᠎ᠠ ᠬᠤᠷᠠᠯ ᠦᠵᠡᠰᠬᠦᠯᠡᠩ ᠡᠷᠬᠢᠯᠡᠬᠦ ᠠᠵᠢᠯᠯᠠᠭ᠎ᠠ ᠶᠢ | ᠬᠠᠮᠢᠶᠠᠷᠤᠨ᠎ᠠ᠃ | ︵ᠨᠠᠶᠮᠠ︶ ᠣᠯᠭᠤᠭᠰᠠᠨ ᠡᠷᠬᠡ ᠪᠠᠨ ᠦᠨᠳᠦᠰᠦᠯᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠭᠠᠳᠠᠭᠠᠳᠤ ᠤᠯᠤᠰ ᠯᠤᠭ᠎ᠠ | ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠨ᠎ᠠ᠃ ᠤᠯᠤᠰ ᠤᠨ | ᠢᠯᠭᠠᠯ ︵ᠭᠠᠵᠠᠷ ᠣᠷᠣᠨ︶ ᠤᠨ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠬᠠᠷᠢᠴᠠᠭᠠᠨ ᠤ ᠳᠤᠮᠳᠠᠬᠢ ᠴᠢᠬᠤᠯᠠ ᠬᠡᠷᠡᠭ ᠶᠠᠪᠤᠳᠠᠯ | ᠢ ᠰᠢᠶᠳᠪᠦᠷᠢᠯᠡᠨ᠎ᠡ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ ᠵᠢᠴᠢ ᠬᠤᠲᠠ | ᠳᠤ ᠰᠠᠭᠤᠭ᠎ᠠ ᠲᠥᠯᠥᠭᠡᠯᠡᠭᠴᠢ ᠪᠠᠶᠢᠭᠤᠯᠤᠮᠵᠢ ᠲᠠᠢ ᠬᠠᠷᠢᠯᠴᠠᠨ᠎ᠠ᠃ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ | ᠶᠠᠮᠤᠨ ᠤ ᠠᠷᠠᠯᠵᠢᠶ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃ | ︵ᠶᠢᠰᠦ︶ ᠮᠠᠨ ᠤ ᠤᠯᠤᠰ ᠤᠨ ᠳᠡᠯᠡᠬᠡᠢ ᠶᠢᠨ ᠬᠤᠳᠠᠯᠳᠤᠭᠠᠨ ᠤ ᠪᠠᠶᠢᠭᠤᠯᠭ᠎ᠠ ᠳᠤ ᠣᠷᠣᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ | ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠬᠠᠮᠵᠢᠨ | ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃ ᠡᠷᠬᠡ ᠲᠡᠭᠰᠢ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠠᠮᠢᠶ᠎ᠠ ᠪᠦᠬᠦᠢ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ ᠮᠠᠨ ᠤ ᠬᠤᠲᠠ ᠳᠤ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ | ᠣᠷᠣᠯᠴᠠᠨ᠎ᠠ᠃ | ︵ᠠᠷᠪᠠ︶ ᠬᠤᠲᠠ ᠶᠢᠨ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠣᠯᠤᠨ ︽ | ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠳᠠᠭᠠᠳᠤ | ᠯᠤᠭ᠎ᠠ ᠶᠢᠨ ᠠᠵᠤ ᠠᠬᠤᠢ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠶᠢᠨ ᠠᠵᠢᠯ | ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠦᠶᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨ᠎ᠠ ᠡᠬᠢ ᠪᠠᠶᠠᠯᠢᠭ ᠤᠨ ᠲᠠᠯ᠎ᠠ ᠪᠠᠷ ᠬᠠᠮᠲᠤᠷᠠᠯᠴᠠᠬᠤ᠂ ᠭᠠᠳᠠᠭᠠᠳᠤ | ᠳᠤ ᠪᠡᠯᠡ ᠣᠷᠣᠭᠤᠯᠵᠤ ᠠᠵᠤ ᠠᠬᠤᠶᠢᠯᠠᠯ︵ᠮᠥᠩᠭᠦᠨ ᠭᠦᠶᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠢ︶ ᠡᠷᠬᠢᠯᠡᠬᠦ ᠶᠢ ᠬᠠᠤᠯᠢ ᠶᠣᠰᠣᠭᠠᠷ ᠬᠠᠮᠢᠶᠠᠷᠤᠨ᠎ᠠ᠃ | ᠬᠤᠲᠠ ᠶᠢᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ | ᠲᠥᠷᠥᠯ ᠵᠦᠶᠯ ᠢ ᠡᠭᠦᠷᠭᠡᠯᠡᠨ᠎ᠡ᠃ | ︵ᠠᠷᠪᠠᠨ ᠨᠢᠭᠡ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ ᠵᠦᠶᠯᠡᠰ ᠢ ᠳᠠᠩᠰᠠᠯᠠᠬᠤ ᠪᠠ ᠬᠠᠮᠢᠶᠠᠷᠬᠤ ᠠᠵᠢᠯ ᠢ | ᠬᠠᠤᠯᠢ ᠶᠣᠰᠣᠭᠠᠷ ᠡᠭᠦᠷᠭᠡᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ᠂ ᠭᠡᠷ᠎ᠡ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ | ᠪᠠᠶᠢᠴᠠᠭᠠᠬᠤ ᠶᠢᠨ ᠬᠠᠮᠲᠤ ᠭᠠᠳᠠᠭᠠᠳᠤ ᠬᠤᠳᠠᠯᠳᠤᠭᠠᠴᠢᠨ ᠤ ᠵᠠᠭᠠᠯᠳᠤᠯᠭ᠎ᠠ ᠵᠡᠷᠭᠡ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠤᠨ᠎ᠠ᠃ | ︵ᠠᠷᠪᠠᠨ ᠬᠤᠶᠠᠷ︶ ᠬᠥᠬᠡᠬᠤᠲᠠ ᠣᠷᠣᠨ ᠤ ᠪᠣᠭᠤᠮᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠣᠬᠢᠴᠠᠭᠤᠯᠭ᠎ᠠ ᠪᠠ ᠬᠠᠮᠢᠶᠠᠷᠤᠯᠲᠠ | ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠣᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ |